8 ᠤ ᠡᠳᠦᠷ ᠵᠠᠯᠠᠨ ᠠᠶᠢᠯ ᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠲᠥᠪᠯᠡᠷᠡᠭᠦᠯᠦᠨ ᠲᠤᠰᠠᠭᠠᠷᠯᠠᠬᠤ ᠭᠠᠵᠠᠷ ᠢ ᠵᠢᠷᠤᠮᠵᠢᠭᠤᠯᠤᠨ ᠲᠤᠬᠢᠷᠠᠭᠤᠯᠵᠤ ᠱᠠᠯᠠᠪᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠬᠤᠷᠠᠯᠳᠤᠵᠠᠢ᠃ ᠬᠤᠷᠠᠯ ᠠᠴᠠ ᠬᠥᠯᠥᠨ ᠪᠤᠶᠢᠷ ᠬᠤᠳᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ ᠲᠠᠯᠠᠪᠤᠷ ᠪᠣᠯᠤᠨ ᠬᠠᠮᠢᠶᠠᠷᠤᠯᠲᠠ ᠶᠢᠨ | ᠪᠠᠶᠢᠳᠠᠯ ᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠪᠦᠬᠦ | ᠬᠤᠳᠠ ᠶᠢᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠨ ᠡᠵᠡᠮᠳᠡᠬᠦ ᠠᠵᠢᠯ ᠢ ᠨᠠᠷᠢᠨ ᠨᠢᠮᠪᠠᠢ ᠲᠠᠬᠢᠨ | ᠪᠠᠶᠢᠷᠢᠯᠠᠭᠤᠯᠵᠤ ᠲᠠᠬᠢᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ | ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠶᠢᠮᠠᠨ ᠳᠤᠭᠤᠶᠢᠯᠠᠩ︾ ᠤᠨ ᠪᠦᠷᠢᠯᠳᠦᠬᠦᠨ | ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠮᠠᠨᠵᠤᠤᠷ ᠬᠤᠳᠠ ᠶᠢᠨ ᠲᠤᠰᠠᠭᠠᠷᠯᠠᠬᠤ ᠬᠥᠮᠦᠰ ᠢ ᠰᠢᠯᠵᠢᠭᠦᠯᠬᠦ ᠬᠠᠮᠢᠶᠠᠷᠤᠯᠲᠠ ᠡᠵᠡᠮᠳᠡᠯ ᠵᠢᠴᠢ ᠠᠪᠤᠷᠠᠨ | ᠵᠠᠰᠠᠬᠤ ᠲᠤᠰᠬᠠᠢ ᠠᠩᠬᠢ ᠶᠢᠨ ᠲᠤᠰᠠᠭᠠᠷᠯᠠᠬᠤ ᠬᠠᠮᠢᠶᠠᠷᠤᠯᠲᠠ ᠡᠵᠡᠮᠳᠡᠯ ᠤᠨ ᠳᠤᠭᠤᠶᠢᠯᠠᠩ ᠤᠨ ᠭᠤᠷᠪᠠᠳᠤᠭᠠᠷ | ᠲᠤᠰᠠᠭᠠᠷᠯᠠᠬᠤ ᠬᠠᠮᠢᠶᠠᠷᠤᠯᠲᠠ ᠡᠵᠡᠮᠳᠡᠯ ᠤᠨ ᠳᠤᠭᠤᠶᠢᠯᠠᠩ ᠤᠨ ᠳᠠᠷᠤᠭ᠎ᠠ᠂ ᠬᠥᠯᠥᠨ ᠪᠤᠶᠢᠷ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ | ᠵᠢᠱᠢᠭᠳᠡᠭᠴᠢ ᠵᠠᠩ ᡁᠢ ᠵᠠᠯᠠᠨ ᠠᠶᠢᠯ ᠬᠤᠳᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠲᠤᠰᠠᠭᠠᠷᠯᠠᠬᠤ ᠬᠥᠮᠦᠰ ᠢ ᠰᠢᠯᠵᠢᠭᠦᠯᠦᠨ ᠬᠠᠮᠢᠶᠠᠷᠤᠨ ᠡᠵᠡᠮᠳᠡᠬᠦ᠂ ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ᠂ | ᠠᠵᠢᠯᠲᠠᠨ ᠳᠣᠭᠢᠷᠠᠭᠤᠯᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ | ᠰᠢᠯᠭᠠᠬᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠬᠠᠯᠠᠮᠵᠢᠯᠠᠬᠤ ᠲᠣᠭᠲᠠᠴᠠ ᠵᠡᠷᠭᠡ ᠠᠵᠢᠯ ᠢ ᠬᠢᠨᠠᠨ | ᠵᠢᠯᠣᠭᠤᠳᠪᠠ᠃ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠢᠦᠶ ᠫᠢᠩ᠂ ᠯᠢᠦ ᠭᠦᠸᠧ ᠬᠤᠸᠠ᠂ ᠸᠧᠶ ᠬᠤᠩ | ᠴᠦᠨ ᠪᠠᠷ᠎ᠠ ᠪᠣᠯᠪᠠ᠃ | | ᠵᠠᠯᠠᠨ ᠠᠶᠢᠯ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠭᠴᠢ ᠶᠢ ᠠᠬᠢᠭᠤᠯᠬᠤ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠵᠠᠯᠠᠨ ᠠᠶᠢᠯ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ ᠢ ᠵᠠᠷᠯᠠᠨ ᠮᠡᠳᠡᠭᠳᠡᠪᠡ᠃ ᠬᠤᠲᠠ ᠶᠢᠨ | ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠠ ᠭᠤᠸᠠᠩ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠯᠢᠦ ᠬᠤᠩ ᡁᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠳᠤ ᠣᠷᠣᠯᠴᠠᠪᠠ᠃ | | 9 ᠤ ᠡᠳᠦᠷ ᠮᠠᠨᠵᠤᠤᠷ ᠬᠤᠳᠠ ᠶᠢᠨ ᠲᠤᠰᠠᠭᠠᠷᠯᠠᠬᠤ ᠬᠥᠮᠦᠰ ᠢ ᠰᠢᠯᠵᠢᠭᠦᠯᠬᠦ ᠶᠢ ᠬᠠᠮᠢᠶᠠᠷᠤᠨ ᠡᠵᠡᠮᠳᠡᠬᠦ | ᠵᠢᠴᠢ ᠠᠪᠤᠷᠠᠨ ᠵᠠᠰᠠᠬᠤ ᠲᠤᠰᠬᠠᠢ ᠠᠩᠬᠢ ᠶᠢᠨ ᠲᠤᠰᠠᠭᠠᠷᠯᠠᠬᠤ ᠶᠢ ᠬᠠᠮᠢᠶᠠᠷᠤᠨ ᠡᠵᠡᠮᠳᠡᠬᠦ ᠳᠤᠭᠤᠶᠢᠯᠠᠩ ᠤᠨ | ᠭᠤᠷᠪᠠᠳᠤᠭᠠᠷ ᠲᠤᠰᠠᠭᠠᠷᠯᠠᠬᠤ ᠶᠢ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠳᠠᠷᠤᠭ᠎ᠠ᠂ ᠬᠥᠯᠥᠨ ᠪᠤᠶᠢᠷ ᠬᠤᠳᠠ ᠶᠢᠨ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ | ᠲᠡᠷᠢᠭᠦᠯᠡᠭᠴᠢ ᠶᠢᠨ ᠵᠢᠱᠢᠭᠳᠡᠭᠴᠢ ᠵᠠᠩ ᡁᠢ ᠵᠠᠯᠠᠨ ᠠᠶᠢᠯ ᠬᠤᠳᠠ ᠶᠢᠨ ᠬᠡᠰᠡᠭ ᠡᠮᠨᠡᠯᠭᠡ ᠶᠢᠨ ᠬᠤᠷᠢᠶ᠎ᠠ᠂ | ᠵᠣᠴᠢᠳ ᠤᠨ ᠪᠠᠭᠤᠳᠠᠯ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠲᠤ ᠬᠦᠷᠴᠦ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ ᠵᠠᠯᠠᠨ | ᠠᠶᠢᠯ ᠬᠤᠳᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠢᠦᠢ ᠫᠢᠩ᠂ ᠯᠦ ᠶᠠ ᠭᠤᠸᠠᠩ᠂ ᠯᠢᠦ ᠱᠢ ᠶᠦᠩ | ᠪᠠᠷ᠎ᠠ ᠪᠣᠯᠪᠠ᠃ | | ᠵᠠᠯᠠᠨ ᠠᠶᠢᠯ ᠬᠤᠲᠠ ᠶᠢᠨ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ | ᠲᠠᠯᠠᠪᠤᠷ ᠭᠠᠵᠠᠷ ᠢ ᠵᠢᠷᠤᠮᠵᠢᠭᠤᠯᠤᠨ ᠪᠠᠶᠢᠷᠢᠯᠠᠭᠤᠯᠬᠤ ᠪᠠ ᠡᠮᠨᠡᠯᠭᠡ ᠶᠢᠨ ᠬᠤᠷᠢᠶᠠᠨ ᠤ ᠮᠡᠳᠡᠷᠡᠮᠵᠢ ᠶᠢᠨ | ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠰᠡᠷᠡᠯ ᠤᠨ ᠡᠵᠡᠮᠳᠡᠯ ᠤᠨ ᠰᠠᠯᠠᠭᠠᠨ ᠤ ᠡᠷᠬᠢᠯᠡᠭᠴᠢ ᠯᠢᠦ ᠵᠢᠩ ᠸᠧᠨ ᠢ ᠤᠷᠢᠵᠤ ᠲᠤᠰᠠᠭᠠᠷᠯᠠᠬᠤ | ᠴᠡᠭ ᠤᠨ ᠬᠠᠯᠳᠠᠪᠤᠷᠢᠯᠠᠯ ᠢ ᠡᠵᠡᠮᠳᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠤᠰᠠᠭᠠᠷᠯᠠᠬᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠵᠢᠴᠢ ᠦᠢᠯᠡᠴᠢᠯᠡᠬᠦ ᠡᠲᠡᠭᠡᠳ᠂ ᠲᠠᠯᠠᠪᠤᠷ ᠭᠠᠵᠠᠷ ᠢ ᠤᠰᠠᠳᠬᠠᠬᠤ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠰᠢᠢᠳᠪᠦᠷᠢᠯᠡᠬᠦ ᠵᠡᠷᠭᠡ ᠠᠵᠢᠯᠯᠠᠭᠠᠨ ᠤ ᠵᠢᠷᠤᠮᠵᠢᠯ ᠪᠠ ᠴᠤᠪᠤᠷᠠᠯ ᠢ ᠲᠠᠶᠢᠯᠪᠤᠷᠢᠯᠠᠭᠤᠯᠪᠠ᠃ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ ᠡᠯ᠎ᠡ ᠪᠤᠭᠤᠲᠤ ᠶᠢᠨ | ᠬᠤᠯᠪᠣᠭ᠎ᠠ ᠶᠢᠨ ᠲᠤᠰᠠᠭᠠᠷᠯᠠᠭᠰᠠᠨ ᠪᠠᠭᠤᠳᠠᠯ ᠤᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ | ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠶᠢᠮᠠᠨ ᠳᠤᠭᠤᠶᠢᠯᠠᠩ︾ ᠤᠨ ᠭᠤᠤᠯ ᠬᠠᠷᠢᠭᠤᠴᠠᠯᠭᠠᠲᠠᠨ | ᠭᠤᠤᠯ ᠬᠤᠷᠠᠯ ᠤᠨ ᠲᠠᠯᠠᠪᠠᠶ ᠳᠤ ᠪᠣᠯᠪᠠᠰᠤᠷᠠᠭᠤᠯᠤᠯ ᠳᠤ ᠣᠷᠣᠯᠴᠠᠵᠤ᠂ ᠡᠯ᠎ᠡ ᠲᠤᠰᠠᠭᠠᠷᠯᠠᠭᠰᠠᠨ ᠴᠡᠭ ᠤᠨ | ᠠᠵᠢᠯᠲᠠᠨ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠬᠠᠷᠢᠭᠤᠴᠠᠯᠭᠠᠲᠠᠨ ᠬᠤᠪᠢᠶᠠᠷᠢ ᠬᠤᠷᠠᠯ ᠤᠨ ᠲᠠᠯᠠᠪᠠᠶ ᠳᠤ ᠪᠣᠯᠪᠠᠰᠤᠷᠠᠭᠤᠯᠤᠯ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ | ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠯᠣᠳᠤᠭᠠᠷ ᠬᠢᠨᠠᠨ ᠪᠠᠶᠢᠴᠠᠭᠠᠬᠤ | ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠶ ᠰᠡᠳᠦᠪ ᠢᠶᠠᠷ | ᠰᠤᠳᠤᠯᠤᠨ ᠪᠠᠶᠢᠷᠢᠯᠠᠭᠤᠯᠵᠤ᠂ ᠲᠠᠷᠠᠭᠠᠴᠢ ᠶᠢᠨ ᠠᠯᠬᠤᠮ ᠤᠨ ᠪᠥᠬᠦ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ | ᠲᠠᠯᠠᠪᠤᠷ ᠤᠨ ᠬᠠᠮᠢᠶᠠᠷᠤᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠪᠦᠬᠦ ᠬᠤᠳᠠ ᠶᠢᠨ | ᠡᠯ᠎ᠡ ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠤᠨ ᠲᠡᠰ ᠤᠨ | ᠤᠳᠤᠷᠢᠳᠤᠯᠭ᠎ᠠ᠂ ᠬᠤᠳᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ | ᠭᠠᠯᠲᠤ ᠲᠡᠷᠭᠡᠨ ᠤ ᠦᠷᠳᠡᠭᠡ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠢ | ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰᠠᠭᠠᠷᠯᠠᠬᠤ ᠲᠠᠯᠠᠪᠤᠷ ᠤᠨ ᠲᠤᠰᠬᠠᠶ ᠰᠢᠪᠠᠳᠠᠨ | ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠪᠥᠬᠦ ᠬᠤᠲᠠ ᠶᠢᠨ ᠡᠯ᠎ᠡ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ | ᠭᠠᠵᠠᠷ ᠤᠨ ᠲᠠᠰ ᠤᠨ ᠤᠳᠤᠷᠢᠳᠤᠯᠭ᠎ᠠ᠂ ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠶᠢᠮᠠᠨ ᠳᠤᠭᠤᠶᠢᠯᠠᠩ︾ | ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ | | 10 ᠤ ᠡᠳᠦᠷ ᠮᠠᠨᠵᠤᠤᠷ ᠬᠤᠳᠠ ᠶᠢᠨ ᠲᠤᠰᠠᠭᠠᠷᠯᠠᠬᠤ ᠬᠥᠮᠦᠰ ᠢ ᠰᠢᠯᠵᠢᠭᠦᠯᠬᠦ ᠶᠢ ᠬᠠᠮᠢᠶᠠᠷᠤᠨ ᠡᠵᠡᠮᠳᠡᠬᠦ | ᠵᠢᠴᠢ ᠠᠪᠤᠷᠠᠨ ᠵᠠᠰᠠᠬᠤ ᠲᠤᠰᠬᠠᠢ ᠠᠩᠭᠢ ᠶᠢᠨ ᠲᠤᠰᠠᠭᠠᠷᠯᠠᠬᠤ ᠶᠢ ᠬᠠᠮᠢᠶᠠᠷᠤᠨ ᠡᠵᠡᠮᠳᠡᠬᠦ ᠳᠤᠭᠤᠶᠢᠯᠠᠩ ᠤᠨ | ᠭᠤᠷᠪᠠᠳᠤᠭᠠᠷ ᠲᠤᠰᠠᠭᠠᠷᠯᠠᠬᠤ ᠶᠢ ᠬᠠᠮᠢᠶᠠᠷᠤᠨ ᠡᠵᠡᠮᠳᠡᠬᠦ ᠳᠤᠭᠤᠶᠢᠯᠠᠩ ᠤᠷᠢᠳ ᠬᠤᠵᠢᠳ ᠰᠢᠨ ᠭᠠᠩ ᠪᠠᠭᠤᠳᠠᠯ᠂ | ᠶᠦᠩ ᠡᡁᠧ ᠬᠤᠳᠠᠯᠳᠤᠭᠠᠨ ᠤ ᠶᠠᠪᠤᠳᠠᠯ ᠤᠨ ᠪᠠᠭᠤᠳᠠᠯ᠂ ᠾᠦᠢ ᠯᠢ ᠮᠢᠩ ᠵᠦ᠂ ᠮᠢᠩ ᠰᠢᠶᠠᠩ ᠶᠤᠸᠠᠨ ᠪᠠᠭᠤᠳᠠᠯ | ᠵᠡᠷᠭᠡ ᠲᠤᠰᠠᠭᠠᠷᠯᠠᠬᠤ ᠭᠠᠵᠠᠷ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠬᠢᠨᠠᠨ ᠵᠢᠯᠣᠭᠤᠳᠴᠤ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠵᠢᠯᠣᠭᠤᠳᠴᠤ ᠪᠠᠶᠢᠴᠠᠭᠠᠪᠠ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠢᠦᠢ ᠫᠢᠩ᠂ | ᠵᠠᠩ ᠸᠧᠢ ᠵᠢᠶᠦ᠋ᠨ᠂ ᠵᠢᠶᠠᠩ ᠵᠢᠶᠦ᠋ᠨ ᠶᠦᠩ᠂ ᠪᠦᠦ ᠶᠢᠩ ᠪᠠᠷ᠎ᠠ ᠪᠣᠯᠪᠠ᠃ | | 11 ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠵᠣᠴᠢᠳ ᠤᠨ | ᠪᠠᠭᠤᠳᠠᠯ ᠢ ᠲᠤᠰᠠᠭᠠᠷᠯᠠᠵᠤ ᠬᠠᠮᠢᠶᠠᠷᠤᠨ ᠡᠵᠡᠮᠳᠡᠵᠦ ᠳᠣᠭᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠬᠤᠶᠠᠷ ᠱᠠᠲᠤᠨ ᠤ ᠬᠢᠨᠠᠨ ᠵᠢᠯᠣᠭᠤᠳᠬᠤ | ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠳᠠᠬᠢᠨ ᠲᠣᠬᠢᠷᠠᠭᠤᠯᠤᠯᠲᠠ ᠬᠢᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠳᠠᠬᠢᠨ ᠲᠣᠬᠢᠷᠠᠭᠤᠯᠤᠯᠲᠠ ᠪᠠ ᠳᠠᠬᠢᠨ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ ᠡᠯ᠎ᠡ ᠲᠤᠰᠠᠭᠠᠷᠯᠠᠭᠰᠠᠨ ᠵᠣᠴᠢᠳ ᠤᠨ ᠪᠠᠭᠤᠳᠠᠯ ᠤᠨ | ᠭᠠᠵᠠᠷ ᠤᠨ ᠲᠠᠰ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | 12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠲᠠᠷᠠᠭᠠᠴᠢ ᠶᠢᠨ | ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ | ᠪᠠᠶᠢᠷᠢᠯᠠᠭᠤᠯᠵᠤ᠂ ᠳᠠᠬᠢᠨ ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠸᠠᠩ ᠪᠥᠸᠧ᠂ ᠡᠯ᠎ᠡ ᠲᠤᠰᠠᠭᠠᠷᠯᠠᠭᠰᠠᠨ ᠵᠣᠴᠢᠳ ᠤᠨ ᠪᠠᠭᠤᠳᠠᠯ ᠤᠨ ᠭᠠᠵᠠᠷ ᠤᠨ ᠲᠠᠰ ᠤᠨ ᠳᠠᠭᠠᠭᠠᠴᠢᠯᠠᠨ | ᠬᠤᠯᠪᠣᠭᠠᠯᠠᠬᠤ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | 15 ᠤ ᠡᠳᠦᠷ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠬᠠᠮᠲᠤᠷᠠᠨ ᠬᠠᠨᠳᠢᠪᠯᠠᠬᠤ ᠠᠵᠢᠯᠯᠠᠭ᠎ᠠ | ᠥᠷᠨᠢᠭᠦᠯᠵᠦ᠂ ᠨᠡᠶᠢᠲᠡ 692700 ᠲᠥᠭᠦᠷᠢᠭ ᠤᠨ ᠬᠠᠶᠢᠷ᠎ᠠ ᠬᠠᠯᠠᠮᠵᠢ ᠶᠢᠨ ᠬᠠᠨᠳᠢᠪ ᠤᠨ ᠮᠥᠩᠭᠦ ᠶᠢ ᠭᠥᠯᠢᠶᠡᠨ | ᠠᠪᠴᠤ᠂ 179460 ᠲᠥᠭᠦᠷᠢᠭ ᠤᠨ ᠡᠳ᠋ ᠪᠣᠳᠠᠰ ᠢ ᠭᠥᠯᠢᠶᠡᠨ ᠠᠪᠴᠠᠶ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ | ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃ | | |