︵ᠭᠤᠷᠪᠠᠳᠣᠭᠠᠷ ᠬᠤᠭᠤᠴᠠᠭ᠎ᠠ ︶2021 ᠣᠨ ᠤ12 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
    20      ᠤ ᠡᠳᠦᠷ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠠᠩ ᡁᠢ ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠬᠡᠷ᠂ ᠲᠥᠪᠯᠡᠷᠡᠭᠦᠯᠦᠨ ᠲᠤᠰᠠᠭᠠᠷᠯᠠᠬᠤ ᠵᠣᠴᠢᠳ ᠤᠨ ᠪᠠᠭᠤᠳᠠᠯ᠂ ᠬᠥᠯᠥᠨ ᠪᠤᠶᠢᠷ ᠬᠤᠲᠠ ᠶᠢᠨ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠵᠠᠯᠠᠨ ᠠᠶᠢᠯ ᠬᠤᠲᠠ ᠶᠢᠨ ᠮᠠᠨᠵᠤᠤᠷ ᠬᠤᠲᠠ ᠶᠢᠨ ᠳᠠᠮᠵᠢᠭᠤᠯᠤᠨ ᠲᠡᠭᠡᠭᠡᠪᠦᠷᠢᠯᠡᠬᠦ ᠠᠵᠢᠯᠲᠠᠨ ᠤ ᠲᠤᠰᠠᠭᠠᠷᠯᠠᠯ ᠢ ᠬᠦᠴᠦᠨ ᠥᠬᠡᠶ ᠪᠣᠯᠭᠠᠬᠤ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠸᠠᠩ ᠪᠥᠸᠧ᠂ ᠢᠦᠶ ᠫᠢᠩ᠂ ᠵᠠᠩ ᠸᠧᠶ ᠵᠢᠶᠦ᠋ᠨ᠂ ᠡᠤ ᠴᠧᠨ ᠳ᠋ᠦᠩ᠂ ᠶᠠᠩ ᠵᠢᠶ ᠴᠦᠨ᠂ ᠯᠢᠦ ᠭᠦᠸᠧ ᠬᠤᠸᠠ᠂ ᠵᠢᠶᠠᠩ ᠵᠢᠶᠦ᠋ᠨ ᠶᠦᠩ ᠨᠡᠷ ᠲᠣᠰ ᠲᠣᠰ ᠪᠠᠷ᠎ᠠ ᠪᠣᠯᠪᠠ᠃    21      ᠤ ᠡᠳᠦᠷ ᠵᠠᠯᠠᠨ ᠠᠶᠢᠯ ᠬᠤᠳᠠ ᠶᠢᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠠᠨᠳᠢᠪᠯᠠᠬᠤ ᠵᠢᠴᠢ ᠲᠠᠷᠬᠠᠭᠠᠬᠤ ᠶᠣᠰᠣᠯᠠᠯ ᠶᠠᠪᠤᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ᠂ ᠶᠠᠩ ᠵᠢᠶ ᠴᠦᠨ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃    23      ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠪᠥᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ  ᠶᠢᠨ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠥᠬᠦ ᠪᠦᠷᠢᠯᠳᠦᠬᠦᠨ᠂ ᠡᠯ᠎ᠡ ᠵᠡᠭᠡᠯᠢ ᠭᠤᠳᠤᠮᠵᠢ ᠵᠢᠴᠢ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠶᠡᠭᠡ ᠠᠩᠭᠢ᠂ ᠭᠠᠯ ᠤᠨᠲᠠᠷᠠᠭᠠᠬᠤ᠂ ᠣᠶ ᠰᠢᠭᠤᠶ ᠶᠢᠨ ᠴᠠᠭᠳᠠᠭ᠎ᠠ ᠵᠡᠷᠭᠡ ᠴᠡᠷᠢᠭ ᠴᠠᠭᠳᠠᠭ᠎ᠠ ᠶᠢᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠵᠢᠯᠣᠭᠤᠳᠬᠤ ᠭᠠᠵᠠᠷ ᠤᠨ ᠲᠠᠪᠢᠨ ᠵᠢᠷᠭᠤᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠡᠯ᠎ᠡ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠡᠯ᠎ᠡ ᠳᠡᠳ᠋ ᠶᠡᠷᠦᠩᠬᠡᠶ ᠵᠢᠯᠣᠭᠤᠳᠣᠭᠴᠢ᠂  ᠮᠠᠨᠵᠣᠣᠷ ᠵᠠᠯᠠᠨ ᠠᠶᠢᠯ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠴᠡᠭ ᠤᠨ  ᠳᠠᠭᠠᠭᠠᠴᠢᠯᠠᠭᠰᠠᠨ ᠬᠤᠯᠪᠣᠭᠰᠠᠨ ᠤᠳᠤᠷᠢᠳᠤᠯᠭ᠎ᠠ ᠵᠢᠴᠢ ᠵᠢᠯᠣᠭᠤᠳᠬᠤ ᠭᠠᠵᠠᠷ ᠤᠨ ᠬᠠᠮᠢᠶ᠎ᠠ ᠪᠥᠬᠦᠶ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃   ᠵᠠᠯᠠᠨ ᠠᠶᠢᠯ ᠬᠤᠲᠠ ᠶᠢᠨ 2022 ᠣᠨ ᠤ ᠲᠦᠷᠦᠯ ᠵᠦᠢᠯ ᠢ ᠲᠥᠯᠥᠪᠵᠢᠭᠦᠯᠵᠦ ᠲᠤᠬᠢᠷᠠᠭᠤᠯᠬᠤ ᠬᠤᠷᠠᠯ ᠬᠤᠷᠠᠯᠳᠤᠵᠠᠢ᠃ ᠬᠤᠷᠠᠯ ᠠᠴᠠ ᠪᠦᠬᠦ ᠬᠤᠳᠠ ᠶᠢᠨ 2022 ᠣᠨ ᠤ ᠲᠦᠷᠦᠯ ᠵᠦᠢᠯ ᠤᠨ ᠲᠥᠯᠥᠪᠵᠢᠭᠦᠯᠭᠡ ᠶᠢᠨ ᠪᠦᠬᠦᠯᠢ ᠴᠣᠭᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠨᠥᠭᠡᠴᠡ ᠶᠢ ᠰᠠᠶᠢᠲᠤᠷ ᠬᠢᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    24      ᠤ ᠡᠳᠦᠷ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ  ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠠᠩ ᡁᠢ ᠵᠠᠯᠠᠨ ᠠᠶᠢᠯ ᠬᠤᠲᠠ ᠶᠢᠨ ᠶᠢᠨ ᠪᠠᠶ ᠯᠢᠩ᠂ ᠾᠦᠢ ᠯᠢ ᠮᠢᠩ ᠵᠦ  ᠂ ᠱᠢ ᠢ ᠶᠦᠩ ᠾᠧ᠂ ᠮᠢᠩ ᠰᠢᠶᠠᠩ ᠶᠤᠸᠠᠨ ᠵᠡᠷᠭᠡ ᠲᠥᠪᠯᠡᠷᠡᠭᠦᠯᠦᠨ ᠲᠤᠰᠠᠭᠠᠷᠯᠠᠭᠰᠠᠨ ᠵᠣᠴᠢᠳ ᠤᠨ ᠪᠠᠭᠤᠳᠠᠯ ᠳᠤ ᠬᠦᠷᠴᠦ᠂ ᠲᠥᠪᠯᠡᠷᠡᠭᠦᠯᠦᠨ ᠲᠤᠰᠠᠭᠠᠷᠯᠠᠭᠰᠠᠨ ᠭᠠᠵᠠᠷ ᠤᠨ ᠮᠠᠨᠵᠤᠤᠷ ᠬᠤᠲᠠ ᠶᠢᠨ ᠳᠠᠮᠵᠢᠭᠤᠯᠤᠨ ᠵᠥᠭᠡᠭᠡᠪᠦᠷᠢᠯᠡᠭᠴᠢ ᠶᠢᠨ ᠲᠤᠰᠠᠭᠠᠷᠯᠠᠯ ᠢ ᠬᠦᠴᠦᠨ ᠥᠬᠡᠶ ᠪᠣᠯᠭᠠᠭᠰᠠᠨ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠵᠤ᠂  ᠳᠠᠭᠠᠭᠠᠴᠢᠯᠠᠨ ᠬᠤᠯᠪᠣᠭᠰᠠᠨ ᠤᠳᠤᠷᠢᠳᠤᠯᠭ᠎ᠠ᠂ ᠴᠡᠭ ᠲᠤ ᠰᠠᠭᠤᠭ᠎ᠠ ᠺᠠᠳ᠋ᠷᠴᠤᠳ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠸᠠᠩ ᠪᠥᠸᠧ ᠂ ᠦ᠋ ᠴᠧᠨ ᠳ᠋ᠦᠩ᠂ ᠵᠢᠶᠠᠩ ᠵᠢᠶᠦ᠋ᠨ ᠶᠦᠩ᠂ ᠪᠦᠦ ᠶᠢᠩ᠂ ᠯᠢᠦ ᠱᠢ ᠶᠦᠩ ᠨᠡᠷ ᠲᠤᠰ ᠲᠤᠰ ᠪᠠᠷ᠎ᠠ ᠪᠣᠯᠪᠠ᠃      ᠮᠠᠨᠵᠤᠤᠷ ᠬᠤᠳᠠ ᠠᠴᠠ ᠵᠠᠯᠠᠨ ᠠᠶᠢᠯ ᠬᠤᠳᠠ ᠳᠤ ᠰᠢᠯᠵᠢᠭᠦᠯᠦᠨ ᠠᠪᠴᠢᠷᠠᠵᠤ ᠠᠨᠠᠭᠠᠬᠤ ᠤᠬᠠᠭᠠᠨ ᠤ ᠲᠤᠰᠠᠭᠠᠷᠯᠠᠨ ᠠᠵᠢᠭᠯᠠᠬᠤ ᠪᠠᠷ ᠣᠨᠣᠰᠢᠯᠠᠭᠰᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠲᠠᠢ ᠬᠤᠶᠠᠷ ᠡᠪᠡᠳᠴᠢᠲᠡᠨ ︵ᠬᠥᠯᠥᠨ ᠪᠤᠶᠢᠷ ᠬᠤᠳᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ  ᠬᠤᠷᠢᠶ᠎ᠠ ᠳᠤ ᠡᠮᠨᠡᠨ ᠵᠠᠰᠠᠵᠤ ᠡᠮᠨᠡᠨ ᠠᠪᠤᠷᠠᠪᠠ︶ ᠢᠶᠠᠷ ᠣᠨᠣᠰᠢᠯᠠᠭᠳᠠᠵᠤ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠭᠰᠠᠨ ᠤ ᠲᠠᠷᠠᠭ᠎ᠠ ᠡᠮᠨᠡᠯᠭᠡ ᠠᠴᠠ ᠭᠠᠷᠴᠤ᠂ ᠮᠠᠨᠵᠤᠤᠷ ᠬᠤᠳᠠ ᠶᠢᠨ ᠲᠣᠭᠲᠠᠭᠰᠠᠨ ᠴᠡᠭ ᠤᠨ ᠡᠷᠡᠭᠦᠯᠵᠢᠯ ᠤᠨ ᠡᠮᠨᠡᠯᠭᠡ ᠶᠢᠨ  ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠤ ᠶᠢᠨ ᠪᠠᠶᠢᠳᠠᠯ ᠢ ᠬᠢᠨᠠᠨ ᠬᠡᠮᠵᠢᠬᠦ ᠶᠢ ᠦᠷᠭᠦᠯᠵᠢᠯᠡᠨ ᠶᠠᠪᠤᠭᠳᠠᠭᠤᠯᠬᠤ ᠪᠠᠷ ᠲᠣᠭᠲᠠᠵᠠᠢ ᠭᠡᠵᠦ ᠲᠣᠳᠣᠷᠬᠠᠶᠢᠯᠠᠭᠰᠠᠨ ᠤ ᠲᠠᠷᠠᠭ᠎ᠠ᠂ ᠮᠠᠨᠵᠤᠤᠷ ᠬᠤᠳᠠ ᠶᠢᠨ ᠲᠣᠭᠲᠠᠮᠠᠯ ᠴᠡᠭ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠠᠪᠴᠢᠷᠠᠵᠤ ᠦᠷᠭᠦᠯᠵᠢᠯᠡᠨ ᠲᠤᠰᠠᠭᠠᠷᠯᠠᠨ ᠬᠠᠮᠢᠶᠠᠷᠬᠤ ᠪᠠ ᠡᠷᠡᠭᠦᠯ ᠮᠡᠨᠳᠤ ᠶᠢᠨ ᠪᠠᠶᠢᠳᠠᠯ ᠢ ᠬᠢᠨᠠᠨ ᠬᠡᠮᠵᠢᠬᠦ ᠪᠠᠷ ᠪᠣᠯᠪᠠ᠃      26      ᠤ ᠡᠳᠦᠷ ᠵᠠᠯᠠᠨ ᠠᠶᠢᠯ ᠬᠤᠲᠠ ᠶᠢᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ︽ ᠬᠤᠣᠰ ᠪᠠᠶᠠᠷ ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ ᠪᠠᠶᠢᠷᠢᠯᠠᠭᠤᠯᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠡᠯ᠎ᠡ ᠳᠡᠳ᠋ ᠶᠡᠷᠦᠩᠬᠡᠶ ᠵᠢᠯᠣᠭᠤᠳᠣᠭᠴᠢ᠂ ᠵᠢᠯᠣᠭᠤᠳᠬᠤ ᠭᠠᠵᠠᠷ ᠤᠨ ᠨᠢᠭᠡᠳᠦᠭᠡᠷ ᠠᠯᠪᠠᠨ ᠬᠡᠷ  ᠨᠠᠶᠢᠮᠠᠨ ᠳᠤᠭᠤᠶᠢᠯᠠᠩ ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠠᠩ ᡁᠢ ᠵᠠᠯᠠᠨ ᠠᠶᠢᠯ ᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠭᠠᠵᠠᠷ ᠤᠨ ᠴᠢᠩᠭᠢᠰ ᠬᠠᠭᠠᠨ ᠵᠣᠴᠢᠳ ᠤᠨ ᠪᠠᠭᠤᠳᠠᠯ ᠳᠤ ᠬᠦᠷᠴᠦ᠂ ᠮᠠᠨᠵᠤᠤᠷ ᠬᠤᠲᠠ ᠶᠢᠨ ᠳᠠᠮᠵᠢᠭᠤᠯᠤᠨ ᠲᠡᠭᠡᠭᠡᠪᠦᠷᠢᠯᠡᠬᠦ ᠠᠵᠢᠯᠲᠠᠨ ᠤ ᠲᠤᠰᠠᠭᠠᠷᠯᠠᠯ ᠢ ᠬᠦᠴᠦᠨ ᠥᠬᠡᠶ ᠪᠣᠯᠭᠠᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠸᠠᠩ ᠪᠥᠸᠧ᠂ ᠦ᠋ ᠴᠧᠨ ᠳ᠋ᠦᠩ᠂ ᠯᠢᠦ ᠭᠦᠸᠧ ᠬᠤᠸᠠ ᠨᠠᠷ ᠪᠠᠷ᠎ᠠ ᠪᠣᠯᠪᠠ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号