︵ᠳᠦᠷᠪᠡᠳᠦᠭᠡᠷ ᠬᠤᠭᠤᠴᠠᠭ᠎ᠠ︶2021 ᠣᠨ ᠤ12 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/2/24
    27      ᠤ ᠡᠳᠦᠷ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠥᠭᠡᠷᠡᠴᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠮᠠᠨ ᠤ ᠬᠤᠲᠠ ᠶᠢᠨ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠤᠯᠠᠮᠵᠢᠯᠠᠵᠤ᠂ ︽ᠵᠠᠯᠠᠨ ᠠᠶᠢᠯ ᠬᠤᠲᠠ ᠶᠢᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠷ ᠬᠡᠷᠡᠭᠵᠢᠭᠦᠯᠬᠦ ᠠᠷᠭ᠎ᠠ︾ ᠵᠢᠴᠢ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠤᠪᠤᠷᠠᠯ ᠳᠤ ᠪᠣᠳᠠᠲᠠᠶ ᠲᠣᠳᠣᠷᠬᠠᠶᠢᠯᠠᠯᠲᠠ ᠬᠢᠵᠦ᠂ ︽ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠪᠠᠶᠢᠭᠤᠯᠤᠮᠵᠢ ᠬᠢᠭᠡᠳ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ︵ᠲᠣᠮᠢᠯᠠᠨ ᠰᠠᠭᠤᠯᠭᠠᠭᠰᠠᠨ ᠪᠠᠶᠢᠭᠤᠯᠤᠮᠵᠢ︶ ᠤᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠠᠷᠭ᠎ᠠ︾ ᠳᠤ ᠲᠠᠶᠢᠯᠤᠮᠵᠢ ᠬᠢᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠤᠩ ᡁᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᡁᠢ ᠭᠠᠩ ᠬᠤᠷᠠᠯ ᠳᠤ ᠣᠷᠣᠯᠴᠠᠪᠠ᠃    ᠮᠠᠨᠵᠤᠤᠷ᠂ ᠵᠠᠯᠠᠶᠢᠨᠠᠭᠤᠷ ᠵᠡᠷᠭᠡ ᠭᠠᠵᠠᠷ ᠤᠨ ᠬᠢᠨ ᠵᠠᠯᠠᠨ ᠠᠶᠢᠯ ᠬᠤᠳᠠ ᠳᠤ 700 ᠬᠥᠮᠦᠨ ᠢ ᠲᠥᠪᠯᠡᠷᠡᠭᠦᠯᠦᠨ ᠲᠤᠰᠠᠭᠠᠷᠯᠠᠵᠤ ᠠᠵᠢᠭᠯᠠᠭᠰᠠᠳ ᠲᠤ ᠰᠢᠯᠵᠢᠵᠦ᠂ 20 ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠵᠦ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠦᠷ ᠪᠢᠯᠢᠭ ᠴᠢᠨᠠᠷᠲᠠᠢ ᠪᠠᠶᠢᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠠᠮᠵᠢᠨ ᠲᠥᠪᠯᠡᠷᠡᠭᠦᠯᠦᠨ ᠲᠤᠰᠠᠭᠠᠷᠯᠠᠬᠤ ᠶᠢ ᠦᠭᠡᠶᠢᠰᠬᠡᠵᠦ᠂ ᠲᠤᠰ ᠲᠤᠰ ᠠᠮᠤᠷ ᠲᠦᠪᠰᠢᠨ ᠡᠮᠬᠢ ᠳᠢᠭᠯᠢᠮ ᠲᠠᠢ ᠪᠠᠷ ᠨᠤᠲᠤᠭ ᠲᠠᠭᠠᠨ ᠪᠤᠴᠠᠬᠤ ᠵᠠᠮ ᠢᠶᠠᠷ ᠵᠠᠮᠨᠠᠭᠰᠠᠨ ᠪᠠᠶᠢᠨ᠎ᠠ᠃      28      ᠤ ᠡᠳᠦᠷ ᠵᠠᠯᠠᠨ ᠠᠶᠢᠯ ᠬᠤᠲᠠ ᠶᠢᠨ ᠢᠯᠵᠠᠷᠠᠯ ᠢ ᠡᠰᠡᠷᠭᠦᠴᠡᠬᠦ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠪᠠ᠃ ᠬᠤᠷᠠᠯ ᠠᠴᠠ 2021 ᠣᠨ ᠤ ᠢᠯᠵᠢᠷᠡᠯ ᠢ ᠡᠰᠡᠷᠭᠦᠴᠡᠬᠦ ᠶᠢ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠰᠢᠯᠵᠢᠭᠦᠯᠦᠨ ᠬᠦᠷᠭᠡᠭᠰᠡᠨ ᠬᠡᠷᠡᠭ ᠤᠨ ᠰᠦᠪᠡᠭᠴᠢ ᠶᠢᠨ ᠪᠠᠶᠢᠳᠠᠯ ᠢ ᠵᠠᠷᠯᠠᠨ ᠮᠡᠳᠡᠭᠳᠡᠵᠦ᠂ ︽ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠵᠡᠷᠭᠡ ︿ᠨᠠᠮ ᠤᠨ ᠭᠡᠰᠢᠭᠦᠨ ᠪᠠ ᠠᠯᠪᠠᠨ ᠲᠤᠰᠢᠶᠠᠯᠲᠠᠨ ᠤ ᠰᠠᠬᠢᠯᠭ᠎ᠠ ᠪᠠᠲᠤ ᠶᠢ ᠵᠥᠷᠢᠴᠡᠵᠦ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ ᠰᠡᠵᠢᠭᠯᠡᠯᠲᠡᠢ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠠᠮᠵᠢᠯᠴᠠᠨ ᠬᠠᠮᠵᠢᠯᠴᠠᠬᠤ ᠠᠵᠢᠯ ᠤᠨ ᠲᠣᠭᠲᠠᠴᠠ﹀ ᠶᠢ ᠤᠯᠠᠮᠵᠢᠯᠠᠨ ᠲᠠᠷᠬᠠᠭᠠᠬᠤ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠲᠠ ᠶᠢᠨ ᠢᠯᠵᠠᠷᠠᠯ ᠢ ᠡᠰᠡᠷᠭᠦᠴᠡᠬᠦ ᠠᠵᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠤᠩ ᡁᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠢᠯᠵᠠᠷᠠᠯ ᠢ ᠡᠰᠡᠷᠭᠦᠴᠡᠬᠦ ᠠᠵᠢᠯ ᠢ ᠵᠣᠬᠢᠴᠠᠭᠤᠯᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᡁᠢ ᠭᠠᠩ ᠬᠤᠷᠠᠯ ᠳᠤ ᠣᠷᠣᠯᠴᠠᠪᠠ᠃    ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ 2021 ᠣᠨ ᠤ ᠠᠷᠪᠠᠨ ᠳᠥᠷᠪᠡᠳᠦᠭᠡᠷ  ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠮᠠᠨᠵᠤᠤᠷ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠴᠣᠬᠤᠯᠠᠪᠤᠷᠢ ᠪᠣᠯᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ  ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠢᠳᠡᠭᠡᠨ ᠤ ᠠᠮᠤᠷ ᠲᠦᠪᠰᠢᠨ ᠪᠣᠯᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠣᠰ ᠪᠠᠶᠠᠷ︾ ᠤᠨ ᠬᠤᠭᠤᠴᠠᠭᠠᠨ ᠳᠠᠬᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ ᠠᠷᠪᠠᠨ ᠵᠢᠷᠭᠤᠳᠤᠭᠠᠷ  ᠣᠳᠠᠭᠠᠨ ᠤ ᠬᠤᠷᠠᠯ ᠬᠤᠷᠠᠯᠳᠤᠵᠠᠢ᠃ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠷᠠᠯ ᠢ ᠡᠷᠭᠢᠯᠡᠵᠦ᠂ ᠬᠡᠷ ᠲᠡᠭᠡᠨ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃   ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠠᠬᠠᠮᠠᠳ ᠺᠠᠳ᠋ᠷ ᠪᠣᠯᠤᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠬᠤᠩ ᠴᠦᠨ᠂ ᠪᠥᠬᠦ ᠬᠤᠲᠠ ᠶᠢᠨ ᠠᠬᠠᠮᠠᠳ ᠺᠠᠳ᠋ᠷᠴᠤᠳ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠣᠯᠠᠨ ᠲᠦᠮᠡᠨ ᠤ ᠪᠦᠯᠬᠦᠮ ᠤᠨ ᠲᠥᠯᠥᠭᠡᠯᠡᠭᠴᠢ᠂ ᠬᠠᠤᠯᠢ ᠴᠠᠭᠠᠵᠠ ᠶᠢᠨ ᠵᠥᠪᠯᠡᠭᠴᠢ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠ ᠣᠯᠠᠨ ᠲᠦᠮᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃     29      ᠤ ᠡᠳᠦᠷ ᠵᠠᠯᠠᠨ ᠠᠶᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠪᠰᠢᠭᠠᠶ ᠠᠩᠭᠢ ᠶᠢᠨ 100 ᠨᠡᠷᠡᠰ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠲᠤᠰᠠᠯᠠᠬᠤ ᠡᠭᠦᠷᠭᠡ ᠪᠠᠨ ᠪᠡᠶᠡᠯᠡᠭᠦᠯᠦᠭᠡᠳ ᠵᠠᠯᠠᠨ ᠠᠶᠢᠯ ᠬᠤᠲᠠ ᠳᠤ ᠪᠤᠴᠠᠵᠤ ᠢᠷᠡᠪᠡ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠯᠢ ᠱᠦ ᠶᠠᠨ᠂ ᠢᠦᠢ ᠫᠢᠩ᠂ ᠰᠦᠨ ᠰᠢᠤ ᠹᠸᠢ᠂ ᠵᠠᠩ ᠸᠧᠢ ᠵᠢᠶᠦ᠋ᠨ᠂ ᠯᠢ ᠶᠠᠨ ᠯᠢᠩ ᠨᠡᠷ ᠤᠭᠲᠤᠬᠤ ᠶᠣᠰᠣᠯᠠᠯ ᠳᠤ ᠣᠷᠣᠯᠴᠠᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠲᠤᠰᠠᠭᠠᠷᠯᠠᠬᠤ ᠭᠠᠵᠠᠷ ᠲᠤ ᠬᠦᠷᠴᠦ ᠲᠤᠰᠠᠭᠠᠷᠯᠠᠬᠤ ᠭᠠᠵᠠᠷ ᠤᠨ ᠨᠢᠭᠡᠳᠦᠭᠡᠷ ᠹᠷᠣᠨᠲ ᠤᠨ ᠠᠵᠢᠯᠲᠠᠨ ᠪᠠ ᠲᠥᠪᠯᠡᠷᠡᠭᠦᠯᠦᠨ ᠠᠮᠠᠷᠠᠭᠤᠯᠤᠨ ᠴᠡᠭᠴᠡᠯᠡᠬᠦ ᠠᠵᠢᠯᠲᠠᠨ ᠢ ᠪᠣᠯᠭᠤᠭᠠᠨ ᠲᠣᠬᠤᠨᠢᠭᠤᠯᠪᠠ᠃ ᠬᠤᠳᠠ ᠶᠢᠨ ᠤᠳᠤᠷᠢᠳᠤᠯᠭ᠎ᠠ ᠵᠠᠩ ᠸᠧᠢ ᠵᠢᠶᠦ᠋ᠨ᠂ ᠶᠠᠩ ᠵᠢᠢ ᠴᠦᠨ᠂ ᠯᠢᠦ ᠭᠦᠸᠧ ᠬᠤᠸᠠ᠂ ᠵᠦᠩ ᠯᠢ᠂ ᠯᠢ ᠶᠠᠨ ᠯᠢᠩ᠂ ᠪᠦᠦ ᠶᠢᠩ᠂ ᠱᠧᠨ ᠶᠢᠩ ᠴᠦᠨ ᠨᠡᠷ ᠲᠣᠬᠤᠨᠢᠭᠤᠯᠬᠤ ᠳᠤ ᠣᠷᠣᠯᠴᠠᠪᠠ᠃    30      ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠬᠤᠷᠠᠯᠳᠤᠪᠠ᠃ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ  ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ  ᠶᠢᠨ ᠲᠣᠭᠲᠠᠭᠤᠨ ᠢ ᠬᠠᠮᠠᠭᠠᠯᠠᠬᠤ᠂ ᠬᠤᠳᠠ ᠰᠢᠶᠠᠩ ᠤᠨ ᠬᠤᠭᠤᠴᠠᠭ᠎ᠠ ᠰᠣᠯᠢᠬᠤ ᠵᠡᠷᠭᠡ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠵᠠᠯᠠᠨ ᠠᠶᠢᠯ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠨᠢ ᠠᠩᠬᠠᠳᠠᠭᠴᠢ ᠪᠦᠯᠦᠭ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ  ᠢᠶᠠᠷ ᠰᠣᠩᠭᠤᠭᠳᠠᠪᠠ᠃    ᠵᠠᠯᠠᠨ ᠠᠶᠢᠯ ᠬᠤᠲᠠ ᠶᠢᠨ ᠬᠤᠶᠠᠳᠤᠭᠠᠷ ᠬᠡᠤᠬᠡᠳ ᠤᠨ ᠴᠡᠴᠡᠷᠯᠢᠭ ᠢ ᠪᠥᠬᠦ ᠤᠯᠤᠰ ᠤᠨ ᠬᠥᠯ ᠪᠥᠮᠪᠦᠭᠡ ᠶᠢᠨ ᠤᠨᠴᠠᠯᠢᠭᠳᠤ ᠬᠡᠤᠬᠡᠳ ᠤᠨ ᠴᠡᠴᠡᠷᠯᠢᠭ ᠤᠨ ᠵᠢᠱᠢᠶ᠎ᠡ ᠦᠵᠡᠭᠦᠯᠬᠦ ᠴᠡᠴᠡᠷᠯᠢᠭ ᠤᠨ ᠲᠤᠷᠰᠢᠯᠲᠠ ᠶᠢᠨ ᠲᠦᠷᠦᠯ ᠵᠦᠢᠯ ᠢᠶᠠᠷ ᠰᠣᠩᠭᠤᠭᠳᠠᠪᠠ᠃    31      ᠤ ᠡᠳᠦᠷ ᠪᠥᠬᠦ ᠬᠤᠲᠠ ᠶᠢᠨ ᠭᠤᠤᠯᠳᠠᠯᠭ᠎ᠠ   ᠲᠠᠢ ᠠᠵᠢᠯ ᠤᠨ ᠬᠤᠷᠠᠯ ᠬᠤᠷᠠᠯᠳᠣᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠸᠧᠶ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠣᠳᠣᠬᠠᠨ ᠤ ᠡᠯ᠎ᠡ‌ᠵᠦ᠋ᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠴᠢᠬᠤᠯᠠᠴᠢᠯᠠᠨ ᠪᠠᠶᠢᠷᠢᠯᠠᠭᠤᠯᠪᠠ︔ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠣᠶᠢᠷ᠎ᠠ ᠶᠢᠨ ᠬᠤᠭᠤᠴᠠᠭᠠᠨ ᠤ ᠠᠵᠤ ᠠᠬᠤᠶ ᠶᠢᠨ ᠠᠵᠢᠯᠯᠠᠭᠠᠨ᠂ ᠠᠶᠤᠯᠭᠦᠶ  ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠳᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠲᠤᠰᠬᠠᠢ ᠰᠡᠳᠦᠪᠲᠦ ᠨᠠᠮ ᠤᠨ ᠬᠢᠴᠢᠶᠡᠯ  ᠳᠤ ᠪᠠᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠶᠢ ᠪᠠᠬᠢᠵᠢᠭᠦᠯᠵᠦ ᠂ ᠨᠠᠮ ᠤᠨ ᠲᠤᠭ ᠢ ᠢᠮᠠᠭᠲᠠ ᠲᠠᠶᠢᠨ ᠤ ︿ᠬᠢᠵᠢᠭ﹀ ᠤᠨ ᠬᠠᠮᠤᠭ ᠤᠨ ᠡᠮᠦᠨ᠎ᠡ ᠹᠷᠣᠨᠲ‌‍ᠲ᠋ᠤ ᠨᠠᠮᠢᠷᠠᠭᠤᠯᠵᠤ︾ ᠂ ᠬᠤᠳᠠ ᠶᠢᠨ ᠲᠦᠷᠪᠡᠨ ᠶᠡᠭᠡ ᠪᠠᠭ ᠤᠨ ᠤᠳᠤᠷᠢᠳᠤᠯᠭ᠎ᠠ᠂ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠵᠢᠴᠢ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠳᠤ ᠣᠷᠣᠯᠴᠠᠪᠠ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠱᠧᠩ ᠹᠧᠩ ᠰᠢᠲᠠᠮᠠᠬᠠᠢ ᠬᠡᠢ ᠨᠡᠮᠡᠬᠦ ᠦᠷᠳᠡᠭᠡ᠂ ᠪᠢᠩ ᠰᠢᠨ ᠲᠠᠷᠢᠶᠠᠯᠠᠩ ᠤᠨ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠠᠯᠠᠨ ᠠᠶᠢᠯ ᠤᠨ ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠠᠶᠤᠯᠭᠦᠢ ᠦᠢᠯᠡᠳᠪᠦᠷᠢᠯᠡᠯ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠢᠯᠴᠢ ᠶᠢᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ︽ᠵᠠᠯᠠᠨ ᠠᠶᠢᠯ ᠤᠨ ᠣᠨ ᠤ ᠲᠣᠯᠢ ︵2020︶︾  ᠨᠠᠶᠢᠮᠠᠳᠣᠭᠠᠷ ᠬᠤᠭᠤᠴᠠᠭᠠᠨ ᠤ ᠪᠥᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠰᠢᠯᠢᠳᠡᠭ ᠦᠷ᠎ᠡ ᠪᠦᠲᠦᠭᠡᠯ ︵ᠣᠨ ᠤ ᠣᠶᠢᠯᠠᠯᠭ᠎ᠠ ᠶᠢᠨ ᠲᠥᠷᠥᠯ︶ ᠰᠢᠶᠠᠨ ᠤ ᠱᠠᠲᠤᠨ ᠤ ᠶᠡᠷᠦᠩᠬᠡᠶᠢᠯᠡᠭᠰᠡᠨ ᠣᠨ ᠤ ᠣᠶᠢᠯᠠᠯᠭ᠎ᠠ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号