ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠨᠢᠭᠡ︶ | | ᠨᠢᠭᠡᠳᠦᠭᠡᠷ ᠪᠦᠯᠦᠭ ᠶᠡᠷᠦᠩᠬᠡᠶ ᠳᠦᠷᠢᠮ | | ᠨᠢᠭᠡᠳᠦᠭᠡᠷ ᠵᠦᠢᠯ ᠨᠡᠶᠢᠭᠡᠮ ᠨᠡᠶᠢᠲᠡ ᠶᠢᠨ ᠤᠯᠠᠨ ᠶᠠᠩᠵᠤᠴᠢᠯᠠᠭᠰᠠᠨ ᠭᠠᠳᠠᠭᠰᠢ ᠭᠠᠷᠬᠤ ᠬᠡᠷᠡᠭᠴᠡᠭᠡ ᠶᠢ | ᠨᠡᠩ ᠰᠠᠶᠢᠨ ᠬᠠᠩᠭᠠᠬᠤ ᠶᠢᠨ ᠲᠤᠰᠠᠳᠠ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠪᠠ ᠢᠨᠲ᠋ᠧᠷ | ᠰᠦᠯᠵᠢᠶᠡᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ | ᠮᠠᠰᠢᠨ ᠲᠡᠷᠬᠡᠨ ᠤ ᠡᠵᠡᠩᠨᠡᠯᠲᠡ ᠶᠢᠨ ᠦᠢᠯᠡᠴᠢᠯᠡᠬᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠡᠵᠡᠩᠨᠡᠯᠲᠡ ᠶᠢᠨ ᠠᠮᠤᠷ | ᠲᠦᠪᠰᠢᠨ ᠪᠠ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2016﹈ 58 ᠳ᠋ᠤᠭᠠᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ | ᠵᠢᠷᠭᠤᠭᠠᠨ ᠰᠠᠯᠠᠭ᠎ᠠ ᠮᠥᠴᠢᠷ ᠤᠨ ︽︿ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠣᠭᠤᠯᠬᠤ | ᠲᠤᠬᠠᠶ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 46 ᠳ᠋ᠤᠭᠠᠷ | ᠲᠣᠭᠠᠲᠤ︶᠂ ︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ | ᠬᠠᠮᠢᠶᠠᠷᠤᠯᠲᠠ ᠶᠢᠨ ᠲᠣᠭᠲᠠᠭᠠᠯ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠲᠡᠭᠡᠭᠡᠪᠦᠷᠢ ᠶᠢᠨ ᠶᠠᠮᠤᠨ ᠤ ᠲᠣᠭᠲᠠᠭᠠᠯ | ︾ ︵ᠵᠠᠮ ᠲᠡᠭᠡᠭᠡᠪᠦᠷᠢ ᠶᠢᠨ ᠶᠠᠮᠤᠨ ᠤ ᠵᠠᠷᠯᠢᠭ 2016 ᠣᠨ ᠤ 63 ᠳ᠋ᠤᠭᠠᠷ ᠲᠣᠭᠠᠲᠤ︶᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 190 ᠳ᠋ᠤᠭᠡᠷ | ᠲᠣᠭᠠᠲᠤ︶ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠦᠷᠢᠮ ᠲᠣᠭᠲᠠᠭᠠᠯ ᠢ ᠦᠨᠳᠦᠰᠦᠯᠡᠨ᠂ | ᠪᠤᠳᠠᠳᠠᠢ ᠲᠠᠢ ᠪᠠᠨ ᠤᠶᠠᠯᠳᠤᠭᠤᠯᠵᠤ᠂ ᠲᠤᠰ ᠨᠠᠷᠢᠨ ᠳᠦᠷᠢᠮ ᠢ ᠲᠣᠭᠲᠠᠭᠠᠪᠠ᠃ | | ᠬᠤᠶᠠᠳᠤᠭᠠᠷ ᠵᠦᠢᠯ ᠬᠥᠯᠥᠨ ᠪᠤᠶᠢᠷ ᠬᠤᠲᠠ ᠶᠢᠨ ᠵᠠᠰᠠᠭ ᠵᠠᠬᠢᠷᠭᠠᠨ ᠤ ᠣᠷᠣᠨ ᠬᠡᠪᠴᠢᠶᠡᠨ ᠳᠣᠲᠣᠷ᠎ᠠ | ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡ ︵ᠳᠣᠷᠣᠭᠰᠢ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ | ᠭᠡᠵᠦ ᠲᠣᠪᠴᠢᠯᠠᠨ᠎ᠠ︶ ᠶᠢᠨ ᠡᠵᠡᠩᠨᠡᠯᠲᠡ ᠶᠢᠨ ᠦᠢᠯᠡᠴᠢᠯᠡᠭᠡ᠂ ᠬᠠᠮᠢᠶᠠᠷᠤᠯᠲᠠ ᠵᠢᠴᠢ ᠪᠤᠰᠤᠳ ᠬᠠᠮᠢᠶ᠎ᠠ ᠪᠥᠬᠦᠶ | ᠠᠵᠢᠯᠯᠠᠭ᠎ᠠ ᠶᠢ ᠡᠷᠭᠢᠯᠡᠬᠦ ᠳᠤ ᠲᠣᠰ ᠨᠠᠷᠢᠨ ᠲᠦᠷᠢᠮ ᠢ ᠵᠢᠷᠤᠮᠯᠠᠨ᠎ᠠ᠃ | | ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ᠂ | ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠬᠦ ᠶᠢ ᠪᠠᠷᠢᠮᠲᠠᠯᠠᠵᠤ᠂ ᠴᠢᠨᠠᠷ ᠰᠠᠶᠢᠲᠠᠶ | ᠦᠢᠯᠡᠴᠢᠯᠡᠬᠦ᠂ ᠵᠦᠷᠢᠶᠡᠴᠢᠯᠡᠨ ᠡᠵᠡᠩᠨᠡᠬᠦ ᠵᠠᠷᠴᠢᠮ ᠶᠣᠰᠣᠭᠠᠷ᠂ ᠰᠦᠯᠵᠢᠶ᠎ᠡ ᠪᠠᠷ ᠲᠡᠷᠭᠡ ᠪᠣᠯᠵᠣᠬᠤ ᠶᠢ ᠡᠮᠬᠢ | ᠵᠢᠷᠤᠮ ᠲᠠᠢ ᠬᠥᠭᠵᠢᠭᠦᠯᠦᠨ᠎ᠡ᠃ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠬᠡᠯᠪᠡᠷᠢ ᠲᠠᠰ ᠪᠠ ᠬᠤᠳᠠᠯᠳᠤᠨ | ᠠᠪᠬᠤ ᠦᠨ᠎ᠡ ᠨᠢ ᠲᠣᠰ ᠭᠠᠵᠠᠷ ᠤᠨ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡᠨ ᠤ ᠪᠠᠷᠢᠮᠵᠢᠶ᠎ᠠ ᠠᠴᠠ | ᠥᠨᠳᠥᠷ ᠪᠠᠶᠢᠬᠤ ᠬᠡᠷᠡᠭᠲᠡᠶ᠃ ᠰᠦᠯᠵᠢᠶ᠎ᠡ ᠪᠠᠷ ᠪᠣᠯᠵᠣᠬᠤ ᠲᠡᠷᠭᠡᠨ ᠤ ᠲᠡᠭᠡᠭᠡᠪᠦᠷᠢ ᠶᠢᠨ ᠦᠨ᠎ᠡ ᠳᠤ ᠵᠠᠬ᠎ᠠ | ᠳᠡᠯᠭᠡᠭᠦᠷ ᠤᠨ ᠲᠣᠬᠢᠷᠠᠭᠤᠯᠬᠤ ᠦᠨ᠎ᠡ ᠶᠢ ᠬᠡᠷᠡᠭᠵᠢᠭᠦᠯᠦᠨ᠎ᠡ᠃ ᠤᠯᠠᠮᠵᠢᠯᠠᠯᠲᠤ ᠲᠣᠭᠤᠷᠢᠨ ᠠᠶᠠᠯᠠᠬᠤ ᠲᠦᠷᠢᠶᠡᠰᠦᠨ | ᠮᠠᠰᠢᠨ ᠲᠡᠷᠭᠡᠨ ᠤ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠲᠡᠷᠭᠡ ᠬᠥᠰᠬᠡ ᠪᠠ ᠠᠵᠢᠯᠲᠠᠨ ᠢᠶᠠᠨ ᠠᠰᠢᠭᠯᠠᠨ | ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ | ᠲᠦᠷᠢᠶᠡᠰᠦᠨ ᠮᠠᠰᠢᠨ ᠲᠡᠷᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠰᠢᠨ᠎ᠡ ᠬᠠᠭᠤᠴᠢᠨ | ᠡᠵᠡᠩᠨᠡᠯᠲᠡ ᠶᠢᠨ ᠪᠠᠶᠢᠳᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ | | ᠳᠥᠷᠪᠡᠳᠦᠭᠡᠷ ᠵᠦᠢᠯ ᠬᠥᠯᠥᠨ ᠪᠤᠶᠢᠷ ᠬᠤᠳᠠ᠂ ᠬᠤᠰᠢᠭᠤ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠰᠦᠯᠵᠢᠶ᠎ᠡ ᠪᠠᠷ ᠪᠣᠯᠵᠣᠬᠤ ᠲᠡᠷᠭᠡᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ | ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠰᠦᠯᠵᠢᠶ᠎ᠡ ᠪᠠᠷ | ᠪᠣᠯᠵᠣᠬᠤ ᠲᠡᠷᠭᠡᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠨ᠎ᠡ᠃ | |