ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠬᠤᠶᠠᠷ︶ | | ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠦᠯᠵᠢᠶ᠎ᠡ ᠪᠠᠷ ᠪᠣᠯᠵᠣᠬᠤ | ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠥᠯᠥᠨ ᠪᠤᠶᠢᠷ ᠬᠤᠲᠠ᠂ ᠬᠤᠰᠢᠭᠤ | ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠰᠦᠯᠵᠢᠶ᠎ᠡ ᠪᠠᠷ ᠲᠡᠷᠭᠡ ᠪᠣᠯᠵᠣᠬᠤ ᠬᠠᠮᠢᠶᠠᠷᠤᠯᠲᠠ ᠶᠢᠨ ᠠᠵᠢᠯ ᠢ ᠪᠣᠳᠠᠲᠠᠶ ᠬᠡᠷᠡᠭᠵᠢᠭᠦᠯᠬᠦ ᠶᠢ | ᠬᠠᠷᠢᠭᠤᠴᠠᠨ᠎ᠠ᠃ | | ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ | ᠺᠣᠮᠫᠠᠨᠢ᠂ ᠲᠡᠷᠭᠡ ᠬᠥᠰᠬᠡ ᠪᠠ ᠵᠢᠯᠣᠭᠤᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠬᠢᠭᠡᠳ ᠦᠨᠡᠮᠯᠡᠯ | ᠬᠠᠷᠭᠤᠭᠤᠯᠤᠨ ᠣᠯᠭᠤᠬᠤ ᠠᠵᠢᠯ ᠢ ᠭᠥᠯᠢᠶᠡᠨ ᠠᠪᠴᠤ ᠰᠢᠢᠳᠪᠦᠷᠢᠯᠡᠨ᠂ ᠰᠦᠯᠵᠢᠶ᠎ᠡ ᠪᠠᠷ ᠦᠢᠯᠡᠴᠢᠯᠡᠬᠦ | ᠲᠠᠪᠴᠠᠩ ᠤᠨ ᠳ᠋ᠠᠶᠢᠲ᠋ᠠ ᠬᠥᠮᠥᠷᠭᠡ ᠶᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶ᠎ᠡ ᠪᠠᠷ ᠲᠡᠷᠭᠡ ᠪᠣᠯᠵᠣᠬᠤ ᠶᠢ ᠬᠢᠨᠠᠨ ᠬᠠᠮᠢᠶᠠᠷᠬᠤ ᠲᠠᠪᠴᠠᠩ ᠳᠤ ᠵᠠᠯᠭᠠᠨ | ᠣᠷᠣᠭᠤᠯᠬᠤ ᠶᠢᠨ ᠬᠠᠮᠲᠤ ᠵᠠᠯᠭᠠᠵᠤ ᠣᠷᠣᠭᠤᠯᠤᠭᠰᠠᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠬᠠᠩᠭᠠᠵᠤ᠂ | ᠰᠦᠯᠵᠢᠶ᠎ᠡ ᠪᠠᠷ ᠲᠡᠷᠭᠡ ᠪᠣᠯᠵᠣᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | | ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ᠂ | ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ | ᠬᠤᠳᠠᠯᠳᠤᠭᠠᠨ ᠤ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠤᠷ ᠰᠦᠯᠵᠢᠶᠡᠨ ᠤ ᠮᠡᠳᠡᠭᠡ ᠵᠠᠩᠭᠢ᠂ ᠭᠠᠶᠢᠯᠢ ᠶᠢᠨ ᠶᠠᠪᠤᠳᠠᠯ᠂ | ᠠᠷᠠᠳ ᠤᠨ ᠪᠠᠩᠬᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ᠂ ᠰᠦᠯᠵᠢᠶ᠎ᠡ ᠪᠠᠷ ᠪᠣᠯᠵᠣᠬᠤ ᠲᠡᠷᠭᠡ ᠳᠤ ᠬᠠᠮᠢᠶ᠎ᠠ ᠪᠥᠬᠦᠶ ᠬᠢᠨᠠᠯᠲᠠ | ᠬᠠᠮᠢᠶᠠᠷᠤᠯᠲᠠ ᠪᠠ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠰᠢᠢᠳᠪᠦᠷᠢᠯᠡᠨ᠎ᠡ᠃ | |