ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠭᠤᠷᠪᠠ︶ | | ᠬᠤᠶᠠᠳᠤᠭᠠᠷ ᠪᠦᠯᠦᠭ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ | | | ᠲᠠᠪᠤᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠬᠦ ᠳᠤ᠂ ᠰᠦᠯᠵᠢᠶ᠎ᠡ ᠪᠠᠷ ᠪᠣᠯᠵᠣᠬᠤ ᠲᠡᠷᠭᠡ | ᠡᠵᠡᠩᠨᠡᠬᠦ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠪᠠᠶᠢᠬᠤ ᠬᠡᠷᠡᠭᠲᠡᠶ᠃ | | ᠵᠢᠷᠭᠤᠳᠤᠭᠠᠷ ᠵᠦᠢᠯ ᠬᠥᠯᠥᠨ ᠪᠤᠶᠢᠷ ᠬᠤᠲᠠ ᠳᠤ ᠰᠦᠯᠵᠢᠶ᠎ᠡ ᠪᠠᠷ ᠪᠣᠯᠵᠣᠬᠤ ᠲᠡᠷᠭᠡᠨ ᠤ ᠡᠵᠡᠩᠨᠡᠯᠲᠡ | ᠬᠢᠬᠦ ᠪᠠᠷ ᠭᠤᠶᠤᠴᠢᠯᠠᠬᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠬᠡᠨ ᠤ ᠴᠢᠳᠠᠪᠤᠷᠢ ᠶᠢ | ᠪᠦᠷᠢᠯᠳᠦᠭᠦᠯᠵᠦ᠂ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | | ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠵᠤ᠂ ᠲᠡᠭᠦᠨ ᠤ ᠳᠣᠲᠣᠷᠠᠬᠢ | ᠲᠤᠰ ᠭᠠᠵᠠᠷ ᠣᠷᠣᠨ ᠤ ᠪᠤᠰᠤ ᠠᠵᠤ ᠠᠬᠤᠶᠢᠯᠠᠯ ᠤᠨ ᠬᠠᠤᠯᠢ ᠶᠢᠨ ᠬᠥᠮᠦᠨ ᠢ ᠡᠷᠬᠡᠪᠰᠢ ᠲᠤᠰ ᠭᠠᠵᠠᠷ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠨ | ᠪᠦᠷᠢᠳᠬᠡᠭᠦᠯᠦᠭᠰᠡᠨ ᠰᠠᠯᠪᠤᠷᠢ ᠪᠠᠶᠢᠭᠤᠯᠤᠮᠵᠢ ᠳᠤ ᠲᠤᠬᠢᠷᠠᠭᠤᠯᠤᠭᠰᠠᠨ ᠪᠠᠶᠢᠬᠤ︔ | | ︵ᠬᠤᠶᠠᠷ︶ ᠲᠤᠰ ᠭᠠᠵᠠᠷ ᠣᠷᠣᠨ ᠳᠤ ᠪᠠᠨ ᠡᠵᠡᠩᠨᠡᠯᠲᠡ ᠶᠢᠨ ᠬᠡᠪᠴᠢᠶ᠎ᠡ ᠯᠦᠭᠡ ᠪᠠᠨ ᠲᠣᠬᠢᠷᠠᠯᠴᠠᠭᠰᠠᠨ | ᠠᠵᠢᠯᠯᠠᠬᠤ ᠭᠠᠵᠠᠷ ᠲᠠᠯᠠᠪᠤᠷ᠂ ᠡᠵᠡᠩᠨᠡᠯᠲᠡ ᠶᠢᠨ ᠪᠠᠶᠢᠭᠤᠯᠤᠮᠵᠢ᠂ ᠬᠠᠮᠢᠶᠠᠷᠤᠯᠲᠠ ᠶᠢᠨ ᠠᠵᠢᠯᠲᠠᠨ ᠵᠢᠴᠢ | ᠵᠢᠯᠣᠭᠤᠴᠢ ᠶᠢᠨ ᠪᠣᠯᠪᠠᠰᠤᠷᠠᠭᠤᠯᠤᠯ ᠤᠨ ᠭᠠᠵᠠᠷ ᠲᠠᠯᠠᠪᠤᠷ ᠲᠠᠢ ᠪᠠᠶᠢᠬᠤ︔ | | ︵ᠭᠤᠷᠪᠠ︶ ᠪᠦᠷᠢᠨ ᠲᠡᠭᠦᠯᠳᠡᠷ ᠡᠵᠡᠩᠨᠡᠯᠲᠡ ᠶᠢᠨ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠵᠡᠷᠭᠡ ᠲᠦᠷᠢᠮ ᠲᠠᠢ ᠪᠠᠶᠢᠬᠤ︔ | | ︵ᠳᠥᠷᠪᠡ︶ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠬᠦ ᠲᠤᠤᠷ ᠰᠦᠯᠵᠢᠶ᠎ᠡ ᠶᠢᠨ ᠦᠢᠯᠡᠴᠢᠯᠡᠬᠡᠨ ᠤ | ᠲᠠᠪᠴᠠᠩ ᠪᠠ ᠥᠷᠨᠢᠭᠦᠯᠬᠦ ᠪᠠᠷ ᠪᠠᠶᠢᠭ᠎ᠠ ᠲᠤᠬᠠᠶᠢᠯᠠᠭᠰᠠᠨ ᠠᠵᠢᠯ ᠯᠤᠭ᠎ᠠ ᠳᠣᠭᠢᠷᠠᠯᠴᠠᠭᠰᠠᠨ ᠮᠡᠳᠡᠭᠡ ᠵᠠᠩᠭᠢ ᠶᠢᠨ | ᠳ᠋ᠠᠶᠢᠲ᠋ᠠ ᠶᠢ ᠬᠠᠷᠢᠯᠴᠠᠨ ᠰᠣᠯᠢᠯᠴᠠᠬᠤ ᠵᠢᠴᠢ ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ᠂ ᠴᠢᠮᠡᠭᠡ ᠬᠤᠯᠪᠣᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠲᠤᠤᠷ | ᠰᠦᠯᠵᠢᠶ᠎ᠡ ᠶᠢᠨ ᠮᠡᠳᠡᠭᠡ ᠵᠠᠩᠭᠢ ᠵᠡᠷᠭᠡ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠠᠮᠢᠶ᠎ᠠ ᠪᠥᠬᠦᠶ ᠲᠤᠤᠷ ᠰᠦᠯᠵᠢᠶ᠎ᠡ ᠶᠢᠨ ᠳ᠋ᠠᠶᠢᠲ᠋ᠠ ᠮᠡᠳᠡᠭᠡ ᠵᠠᠩᠭᠢ ᠶᠢ ᠬᠠᠤᠯᠢ ᠶᠣᠰᠣᠭᠠᠷ ᠰᠢᠯᠵᠢᠭᠦᠯᠦᠨ ᠠᠪᠴᠤ | ᠪᠠᠶᠢᠴᠠᠭᠠᠨ ᠯᠠᠪᠯᠠᠬᠤ ᠨᠥᠬᠦᠴᠡᠯ ᠢ ᠪᠦᠷᠢᠯᠳᠦᠭᠦᠯᠦᠨ᠂ ᠲᠠᠪᠴᠠᠩ ᠦᠢᠯᠡᠴᠢᠯᠡᠭᠦᠷ ᠢ ᠳᠤᠮᠳᠠᠳᠤ ᠤᠯᠤᠰ ᠤᠨ ᠳᠣᠲᠣᠷ | ᠭᠠᠵᠠᠷ ᠲᠤ ᠳᠣᠭᠢᠷᠠᠭᠤᠯᠵᠤ᠂ ᠲᠣᠭᠲᠠᠭᠠᠯ ᠳᠤ ᠨᠡᠶᠢᠴᠡᠭᠰᠡᠨ ᠲᠤᠤᠷ ᠰᠦᠯᠵᠢᠶ᠎ᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠷᠢᠮ ᠪᠠ ᠠᠮᠤᠷ ᠲᠦᠪᠰᠢᠨ ᠢ ᠬᠠᠮᠠᠭᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠲᠠᠢ ᠪᠠᠶᠢᠬᠤ︔ | | | ︵ᠲᠠᠪᠤ︶ ᠡᠯᠧᠺᠳ᠋ᠷᠣᠨ ᠲᠣᠭᠠᠴᠠᠭ᠎ᠠ ᠶᠢ ᠬᠡᠷᠡᠭᠯᠡᠪᠡᠯ᠂ ᠪᠠᠩᠬᠢ᠂ ᠪᠠᠩᠬᠢ ᠶᠢᠨ ᠪᠤᠰᠤ ᠲᠣᠭᠠᠴᠠᠭ᠎ᠠ ᠬᠢᠬᠦ | ᠪᠠᠶᠢᠭᠤᠯᠤᠮᠵᠢ ᠯᠤᠭ᠎ᠠ ᠲᠣᠭᠠᠴᠠᠭ᠎ᠠ ᠬᠢᠵᠦ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠵᠥᠪᠯᠡᠯᠴᠡᠭᠡᠷ ᠲᠤᠭᠲᠠᠭᠰᠠᠨ | ᠪᠠᠶᠢᠬᠤ︔ | | ︵ᠵᠢᠷᠭᠤᠭ᠎ᠠ︶ ᠰᠦᠯᠵᠢᠶᠡᠨ ᠤ ᠦᠢᠯᠡᠴᠢᠯᠡᠭᠡᠨ ᠤ ᠲᠠᠪᠴᠠᠩ ᠤᠨ ᠳ᠋ᠠᠶᠢᠲ᠋ᠠ ᠬᠥᠮᠥᠷᠭᠡ ᠶᠢ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠵᠠᠯᠭᠠᠨ | ᠤᠷᠤᠭᠤᠯᠤᠭᠰᠠᠨ ᠪᠠᠶᠢᠬᠤ︔ | | ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ᠃ ᠭᠠᠳᠠᠭᠠᠳᠤ ᠶᠢᠨ ᠬᠤᠳᠠᠯᠳᠤᠭᠠᠴᠢᠨ ᠪᠠᠯᠠ ᠣᠷᠣᠭᠤᠯᠵᠤ ᠰᠦᠯᠵᠢᠶ᠎ᠡ ᠪᠠᠷ ᠪᠣᠯᠵᠣᠬᠤ ᠲᠡᠷᠭᠡ | ᠡᠵᠡᠩᠨᠡᠬᠦ ᠳᠤ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠶ᠃ | |