ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠳᠦᠷᠪᠡ︶ | | ᠳᠣᠯᠣᠳᠤᠭᠠᠷ ᠵᠦᠢᠯ ᠬᠥᠯᠥᠨ ᠪᠤᠶᠢᠷ ᠬᠤᠲᠠ ᠳᠤ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠬᠦ ᠪᠠᠷ | ᠭᠤᠶᠤᠴᠢᠯᠠᠭᠰᠠᠨ ᠪᠠᠶᠢᠪᠠᠯ᠂ ᠡᠵᠡᠩᠨᠡᠯᠳᠡ ᠬᠢᠵᠤ ᠪᠠᠶᠢᠭ᠎ᠠ ᠣᠷᠣᠨ ᠪᠦᠰᠡ ᠪᠠᠨ ᠦᠨᠳᠦᠰᠦᠯᠡᠨ᠂ ᠬᠥᠯᠥᠨ ᠪᠤᠶᠢᠷ | ᠬᠤᠲᠠ ᠪᠤᠶᠤ ᠡᠯ᠎ᠡ ᠬᠤᠰᠢᠭᠤ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠤᠤᠷᠠᠬᠢ ᠮᠠᠲ᠋ᠧᠷᠢᠶᠠᠯ ᠤᠳ ᠢ ᠲᠤᠰᠢᠶᠠᠨ᠎ᠠ᠄ | | ︵ᠨᠢᠭᠡ︶ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠭᠤᠶᠤᠴᠢᠯᠠᠯ ᠤᠨ | ᠬᠦᠰᠦᠨᠦᠭᠲᠦ︔ | | ︵ᠬᠤᠶᠠᠷ︶ ᠪᠡᠯᠡ ᠣᠷᠣᠭᠤᠯᠤᠭᠴᠢ᠂ ᠬᠠᠷᠢᠭᠤᠴᠠᠯᠭᠠᠲᠠᠨ ᠤ ᠪᠡᠶ᠎ᠡ ᠶᠢᠨ ᠭᠠᠷᠤᠯ᠂ ᠬᠥᠷᠥᠩᠭᠡ ᠢᠲᠡᠭᠡᠮᠵᠢ ᠶᠢᠨ | ᠭᠡᠷᠡᠴᠢ ᠵᠢᠴᠢ ᠬᠠᠭᠤᠯᠪᠤᠷᠢ᠂ ᠭᠠᠷᠳᠠᠨ ᠬᠢᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠵᠢᠴᠢ ᠬᠠᠭᠤᠯᠪᠤᠷᠢ ᠪᠣᠯᠤᠨ | ᠨᠠᠶᠢᠳᠠᠯᠭ᠎ᠠ ᠶᠢᠨ ᠪᠢᠴᠢᠭ︔ | | ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠨᠢ ᠰᠠᠯᠪᠤᠷᠢ | ᠪᠠᠶᠢᠭᠤᠯᠤᠮᠵᠢ ᠳᠤ ᠬᠠᠷᠢᠶᠠᠯᠠᠭᠳᠠᠪᠠᠯ ᠪᠠᠰᠠ ᠲᠣᠰ ᠬᠠᠷᠢᠶ᠎ᠠ ᠣᠷᠣᠨ ᠤ ᠡᠵᠡᠩᠨᠡᠯᠲᠡ ᠶᠢᠨ ᠦᠨᠡᠮᠯᠡᠯ ᠵᠢᠴᠢ ᠶᠡᠷᠦᠩᠬᠡᠶ | ᠺᠣᠮᠫᠠᠨᠢ ᠳᠤ ᠬᠠᠷᠢᠶᠠᠯᠠᠭᠳᠠᠬᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠢ | ᠲᠤᠰᠢᠶᠠᠨ᠎ᠠ ︵ᠨᠢᠭᠡ ᠬᠤᠪᠢ ᠬᠠᠭᠤᠯᠪᠤᠷᠢ ᠳᠤ ᠶᠡᠷᠦᠩᠬᠡᠶ ᠺᠣᠮᠫᠠᠨᠢ ᠶᠢᠨ ᠠᠯᠪᠠᠨ ᠲᠠᠮᠠᠭ᠎ᠠ ᠶᠢ ᠨᠡᠮᠡᠵᠦ ᠳᠠᠷᠤᠬᠤ ᠶᠢᠨ | ᠬᠠᠮᠲᠤ ᠤᠤᠯ ᠮᠠᠲ᠋ᠧᠷᠢᠶᠠᠯ ᠲᠠᠢ ᠪᠠᠨ ᠨᠢᠭᠡᠳᠦᠯᠲᠡᠶ ᠶᠢ ᠲᠣᠳᠣᠷᠬᠠᠶᠢᠯᠠᠭᠰᠠᠨ ᠪᠠᠶᠢᠬᠤ︶︔ | | ︵ᠳᠥᠷᠪᠡ︶ ᠡᠵᠡᠩᠨᠡᠵᠦ ᠪᠠᠶᠢᠭ᠎ᠠ ᠦᠢᠯᠡᠴᠢᠯᠡᠬᠡᠨ ᠤ ᠬᠡᠪᠴᠢᠶ᠎ᠡ ᠯᠦᠭᠡ ᠲᠣᠬᠢᠷᠠᠯᠴᠠᠭᠰᠠᠨ ᠠᠵᠢᠯᠯᠠᠬᠤ ᠲᠠᠯᠠᠪᠤᠷ | ᠭᠠᠵᠠᠷ᠂ ᠡᠵᠡᠩᠨᠡᠵᠦ ᠪᠠᠶᠢᠭ᠎ᠠ ᠦᠢᠯᠡᠴᠢᠯᠡᠬᠡᠨ ᠤ ᠲᠥᠬᠦᠭᠡᠷᠦᠮᠵᠢ ᠪᠡᠯᠡᠳᠬᠡᠮᠵᠢ᠂ ᠠᠵᠢᠯᠲᠠᠨ ᠤ ᠬᠠᠮᠢᠶᠠᠷᠤᠯᠲᠠ ᠶᠢᠨ | ᠪᠦᠲᠦᠴᠡ ᠵᠢᠴᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠳᠤᠳᠤᠷᠬᠠᠶᠢᠯᠠᠯᠳᠠ ︵ᠡᠭᠦᠨ ᠳᠤ ᠲᠤᠰᠬᠠᠶ | ᠲᠤᠰᠢᠶᠠᠯᠳᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠨᠢ 2 ᠬᠥᠮᠦᠨ ᠠᠴᠠ ᠴᠦᠬᠡᠨ ᠪᠠᠶᠢᠵᠤ ᠪᠣᠯᠬᠤ | ᠦᠭᠡᠶ︶ ᠵᠡᠷᠭᠡ ᠭᠡᠷᠡᠴᠢᠯᠡᠬᠦ ᠮᠠᠲ᠋ᠧᠷᠢᠶᠠᠯ︔ | | ︵ᠲᠠᠪᠤ︶ ᠰᠦᠯᠵᠢᠶᠡᠨ ᠳᠡᠭᠡᠷᠡᠬᠢ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠬᠠᠩᠭᠠᠨ᠎ᠠ︔ | ︵ᠵᠢᠷᠭᠤᠭ᠎ᠠ︶ ᠰᠦᠯᠵᠢᠶᠡᠨ ᠤ ᠦᠢᠯᠡᠴᠢᠯᠡᠬᠡᠨ ᠤ ᠲᠠᠪᠴᠠᠩ ᠤᠨ ᠳ᠋ᠠᠶᠢᠲ᠋ᠠ ᠬᠥᠮᠥᠷᠭᠡ ᠶᠢ ᠲᠤᠬᠠᠶ ᠶᠢᠨ | ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠤᠨ ᠭᠡᠷᠡᠴᠢᠯᠡᠬᠦ ᠮᠠᠲ᠋ᠧᠷᠢᠶᠠᠯ ᠳᠤ ᠵᠠᠯᠭᠠᠵᠤ ᠣᠷᠣᠭᠤᠯᠤᠨ᠎ᠠ︔ | | ︵ᠳᠣᠯᠤᠭ᠎ᠠ︶ ᠡᠵᠡᠩᠨᠡᠯᠲᠡ ᠶᠢᠨ ᠬᠠᠮᠢᠶᠠᠷᠤᠯᠲᠠ᠂ ᠠᠶᠤᠯᠬᠦᠢ ᠦᠢᠯᠡᠳᠪᠦᠷᠢᠯᠡᠯ᠂ ᠦᠢᠯᠡᠴᠢᠯᠡᠭᠡᠨ ᠤ ᠶᠠᠰᠤ | ᠴᠢᠨᠠᠷ ᠤᠨ ᠪᠠᠲᠤᠯᠠᠭ᠎ᠠ᠂ ᠡᠵᠡᠩᠨᠡᠯᠲᠡ ᠶᠢᠨ ᠠᠮᠠᠯᠠᠯᠲᠠ ᠶᠢ ᠵᠢᠷᠤᠮᠵᠢᠭᠤᠯᠬᠤ᠂ ᠠᠮᠤᠷ ᠢ ᠰᠡᠷᠭᠡᠶᠢᠯᠡᠨ ᠬᠠᠮᠠᠭᠠᠯᠠᠬᠤ᠂ | ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠳᠦᠷᠢᠮ ᠤᠨ ᠲᠣᠪᠬᠢᠮᠠᠯ︔ | | ︵ᠨᠠᠢᠮᠠ︶ ᠬᠠᠤᠯᠢ ᠴᠠᠭᠠᠵᠠ ᠲᠦᠷᠢᠮ ᠲᠣᠭᠲᠠᠭᠠᠯ ᠳᠤ ᠱᠠᠭᠠᠷᠳᠠᠭᠰᠠᠨ ᠬᠠᠩᠭᠠᠬᠤ ᠴᠢᠬᠤᠯᠠᠳᠠᠢ ᠪᠤᠰᠤᠳ | ᠮᠠᠲ᠋ᠧᠷᠢᠶᠠᠯ᠃ | | ᠨᠠᠢᠮᠠᠳᠤᠭᠠᠷ ᠵᠦᠢᠯ ᠬᠥᠯᠥᠨ ᠪᠤᠶᠢᠷ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠵᠡᠩᠨᠡᠯᠲᠡ ᠶᠢᠨ ᠭᠤᠶᠤᠴᠢᠯᠠᠯ ᠳᠠᠬᠢ ᠰᠦᠯᠵᠢᠶᠡᠨ ᠭᠠᠳᠠᠨᠠᠬᠢ | ᠦᠢᠯᠡᠴᠢᠯᠡᠬᠡᠨ ᠤ ᠴᠢᠳᠠᠪᠤᠷᠢ ᠶᠢᠨ ᠬᠤᠯᠪᠣᠭᠳᠠᠯ ᠪᠥᠬᠦᠶ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠭᠥᠯᠢᠶᠡᠨ | ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠤᠶᠤ | ᠡᠰᠡ ᠤᠯᠭᠤᠬᠤ ᠲᠤᠬᠠᠢ ᠲᠣᠭᠲᠠᠭᠠᠯ ᠭᠠᠷᠭᠠᠨ᠎ᠠ᠃ ᠣᠨᠴᠠᠭᠠᠢ ᠪᠠᠶᠢᠳᠠᠯ ᠤᠨ ᠳᠣᠣᠷ᠎ᠠ᠂ ᠵᠥᠪᠰᠢᠶᠡᠷᠡᠭᠦᠯᠦᠭᠡᠳ 10 | ᠠᠵᠢᠯᠯᠠᠬᠤ ᠡᠳᠦᠷ ᠤᠷᠲᠤᠳᠬᠠᠵᠤ ᠪᠣᠯᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ | ᠭᠠᠷᠭᠠᠭᠰᠠᠨ ᠳᠤ ᠨᠢ᠂ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ︾ ᠣᠯᠭᠤᠵᠤ᠂ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠣᠷᠣᠨ ᠪᠦᠰᠡ ᠪᠠ | ᠡᠵᠡᠩᠨᠡᠯᠲᠡ ᠶᠢᠨ ᠬᠤᠭᠤᠴᠠᠭ᠎ᠠ ᠬᠢᠵᠠᠭᠠᠷ ︵ᠬᠠᠮᠤᠭ ᠤᠨ ᠣᠷᠳᠣ ᠡᠵᠡᠩᠨᠡᠬᠦ ᠬᠤᠭᠤᠴᠠᠭ᠎ᠠ 4 ᠵᠢᠯ ᠪᠤᠯᠤᠨ᠎ᠠ︶ ᠢ | ᠲᠤᠳᠤᠷᠬᠠᠶᠢᠯᠠᠨ᠎ᠠ᠃ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠭᠤᠶᠤᠴᠢᠯᠠᠯ ᠳᠤ ᠵᠠᠰᠠᠭ ᠵᠠᠬᠢᠷᠭᠠᠨ ᠤ | ᠵᠥᠪᠰᠢᠶᠡᠷᠡᠯ ᠦᠯᠦ ᠥᠭᠬᠦ ᠲᠣᠭᠲᠠᠭᠠᠯ ᠭᠠᠷᠭᠠᠪᠠᠯ᠂ ᠭᠤᠶᠤᠴᠢᠯᠠᠭᠴᠢ ᠳᠤ ︽ᠵᠠᠰᠠᠭ ᠵᠠᠬᠢᠷᠭᠠᠨ ᠤ ᠵᠥᠪᠰᠢᠶᠡᠷᠡᠯ | ᠤᠯᠭᠤᠬᠤ ᠦᠭᠡᠢ ᠲᠣᠭᠲᠠᠭᠠᠯ ᠤᠨ ᠪᠢᠴᠢᠭ︾ ᠭᠠᠷᠭᠠᠵᠤ ᠦᠭᠭᠦᠨ᠎ᠡ᠃ | |