︵ᠲᠠᠪᠤ︶ ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ
ᠨᠡᠶᠢᠲᠡᠯᠡᠭᠰᠡᠨ ᠴᠠᠭ᠄
2022/2/25
 ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠠᠪᠤ︶    ᠶᠢᠰᠦᠳᠦᠭᠡᠷ ᠵᠦᠢᠯ  ᠰᠦᠯᠵᠢᠶ᠎ᠡ ᠪᠠᠷ ᠪᠣᠯᠵᠣᠬᠤ ᠮᠠᠰᠢᠨ ᠲᠡᠷᠬᠡᠨ ᠤ ᠲᠠᠪᠴᠠᠩ ᠤᠨ ᠺᠣᠮᠫᠠᠨᠢ ᠨᠢ ᠵᠣᠬᠢᠬᠤ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠤᠭᠰᠠᠨ ᠤ ᠬᠠᠮᠲᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠴᠢᠮᠡᠭᠡ ᠬᠤᠯᠪᠣᠭ᠎ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠬᠡᠨ ᠤ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠭᠰᠠᠨ ᠤ ᠳᠠᠷᠠᠭ᠎ᠠ᠂ ᠲᠣᠰ ᠭᠠᠵᠠᠷ ᠣᠷᠣᠨ ᠳᠠᠭᠠᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠥᠷᠨᠢᠭᠦᠯᠵᠦ ᠪᠣᠯᠤᠨ᠎ᠠ᠃   ᠰᠦᠯᠵᠢᠶ᠎ᠡ ᠪᠠᠷ ᠪᠣᠯᠵᠣᠬᠤ ᠮᠠᠰᠢᠨ ᠲᠡᠷᠬᠡᠨ ᠤ ᠲᠠᠪᠴᠠᠩ ᠤᠨ ᠺᠣᠮᠫᠠᠨᠢ ᠰᠦᠯᠵᠢᠶ᠎ᠡ ᠵᠢᠩᠬᠢᠨᠢ ᠪᠠᠷ ᠨᠡᠪᠲᠡᠷᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠳᠠᠩᠰᠠᠯᠠᠭᠤᠯᠬᠤ ᠭᠠᠷᠳᠠᠮ ᠭᠦᠢᠴᠡᠳᠬᠡᠨ᠎ᠡ᠃  ᠠᠷᠪᠠᠳᠤᠭᠠᠷ ᠵᠦᠢᠯ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠡᠵᠡᠩᠨᠡᠯᠲᠡ ᠪᠠᠨ ᠲᠦᠷ ᠵᠣᠭᠰᠣᠭᠠᠬᠤ ᠪᠤᠶᠤ ᠵᠣᠭᠰᠣᠭᠠᠬᠤ ᠳᠤ ᠬᠦᠷᠪᠡᠯ᠂ 30 ᠡᠳᠦᠷ ᠤᠨ ᠡᠮᠦᠨ᠎ᠡ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠵᠦ᠂ ᠬᠤᠯᠪᠣᠭᠳᠠᠯ ᠪᠦᠬᠦᠢ ᠪᠠᠶᠢᠳᠠᠯ ᠢᠶᠠᠨ ᠲᠣᠳᠣᠷᠬᠠᠶᠢᠯᠠᠨ᠂ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠶᠢᠨ ᠥᠮᠴᠢᠯᠡᠭᠴᠢ ᠪᠠ ᠵᠢᠯᠣᠭᠤᠴᠢ ᠳᠤ ᠮᠡᠳᠡᠭᠳᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ᠎ᠠ᠃ ᠡᠵᠡᠩᠨᠡᠯᠲᠡ ᠪᠠᠨ ᠵᠣᠭᠰᠣᠪᠠᠯ᠂ ︽ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢᠶᠠᠨ ᠤᠤᠯ ᠤᠨ ᠵᠥᠪᠰᠢᠶᠡᠷᠡᠭᠰᠡᠨ ᠪᠠᠶᠢᠭᠤᠯᠤᠮᠵᠢ ᠳᠤ ᠪᠤᠴᠠᠭᠠᠨ᠎ᠠ᠃   ᠡᠵᠡᠩᠨᠡᠯᠲᠡ ᠶᠢᠨ ᠬᠤᠭᠤᠴᠠᠭ᠎ᠠ ᠳᠠᠭᠤᠰᠬᠤ ᠠᠴᠠ 30 ᠡᠳᠦᠷ ᠤᠨ ᠡᠮᠦᠨ᠎ᠡ᠂ ᠰᠦᠯᠵᠢᠶ᠎ᠡ ᠪᠠᠷ ᠪᠤᠯᠵᠤᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠦᠷᠭᠦᠯᠵᠢᠯᠡᠨ ᠡᠵᠡᠩᠨᠡᠬᠦ ᠭᠤᠶᠤᠴᠢᠯᠠᠯ ᠭᠠᠷᠭᠠᠨ᠎ᠠ᠃ ᠡᠵᠡᠩᠨᠡᠯᠲᠡ ᠶᠢᠨ ᠬᠦᠴᠦᠨ ᠲᠠᠢ ᠬᠤᠭᠤᠴᠠᠭᠠᠨ ᠳᠤ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠦᠨᠳᠦ ᠶᠡᠭᠡ ᠠᠳᠡᠯ᠂ ᠦᠢᠯᠡᠴᠢᠯᠡᠬᠡᠨ ᠤ ᠶᠠᠰᠤ ᠴᠢᠨᠠᠷ ᠤᠨ ᠬᠦᠨᠳᠦ ᠶᠡᠭᠡ ᠠᠰᠠᠭᠤᠳᠠᠯ᠂ ᠬᠠᠤᠯᠢ ᠠᠴᠠ ᠬᠦᠨᠳᠦ ᠨᠣᠴᠢᠲᠠᠶ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠦᠭᠡᠢ ᠪᠦᠬᠡᠳ ᠦᠢᠯᠡᠴᠢᠯᠡᠬᠡᠨ ᠤ ᠶᠠᠰᠤ ᠴᠢᠨᠠᠷ ᠤᠨ ᠢᠲᠡᠭᠡᠯ ᠬᠦᠨᠳᠦ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠭᠤᠶᠤᠴᠢᠯᠠᠭᠴᠢ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠨᠢ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ ᠤᠷᠲᠤᠳᠬᠠᠬᠤ ᠶᠢ ᠵᠥᠪᠰᠢᠶᠡᠷᠡᠬᠦ ᠡᠰᠡᠬᠦ ᠲᠣᠭᠲᠠᠭᠠᠯ ᠭᠠᠷᠭᠠᠵᠤ᠂ ᠤᠳᠠᠭ᠎ᠠ ᠪᠦᠷᠢ ᠶᠢᠨ ᠤᠷᠲᠤᠳᠬᠠᠬᠤ ᠬᠤᠭᠤᠴᠠᠭ᠎ᠠ ᠨᠢ 4 ᠵᠢᠯ ᠪᠣᠯᠤᠨ᠎ᠠ᠃      ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠡᠵᠡᠩᠨᠡᠯᠲᠡ ᠶᠢᠨ ᠵᠥᠪᠰᠢᠶᠡᠷᠡᠯ ᠣᠯᠤᠭᠰᠠᠨ ᠤ ᠳᠠᠷᠠᠭ᠎ᠠ ᠵᠦᠶ ᠶᠣᠰᠣᠨ ᠤ ᠰᠢᠯᠲᠠᠭᠠᠨ ᠥᠬᠡᠶ ᠪᠠᠷ 180 ᠡᠳᠦᠷ ᠠᠴᠠ ᠬᠡᠲᠦᠷᠡᠲᠡᠯ᠎ᠡ ᠱᠠᠭᠠᠷᠳᠠᠯᠭ᠎ᠠ ᠳᠤ ᠨᠡᠶᠢᠴᠡᠬᠦ ᠲᠡᠷᠭᠡ ᠬᠥᠰᠬᠡ ᠪᠠᠨ ᠡᠵᠡᠩᠨᠡᠯᠲᠡ ᠳᠤ ᠣᠷᠣᠭᠤᠯᠤᠭᠰᠠᠨ ᠥᠬᠡᠶ ᠪᠤᠶᠤ ᠡᠵᠡᠩᠨᠡᠭᠰᠡᠨ ᠤ ᠳᠠᠷᠠᠭ᠎ᠠ ᠵᠠᠯᠭᠠᠪᠠᠷ 180 ᠡᠳᠦᠷ ᠠᠴᠠ ᠳᠡᠭᠡᠭᠰᠢ ᠲᠡᠭᠡᠭᠡᠪᠦᠷᠢ ᠪᠠᠨ ᠵᠣᠭᠰᠣᠭᠠᠭᠰᠠᠨ ᠪᠠᠶᠢᠪᠠᠯ᠂ ᠡᠵᠡᠩᠨᠡᠯᠲᠡ ᠪᠠᠨ ᠠᠶᠠᠨᠳᠠᠭᠠᠨ ᠵᠣᠭᠰᠣᠭᠠᠭᠰᠠᠨ ᠢᠶᠠᠷ ᠦᠵᠡᠵᠦ᠂ ᠤᠤᠯ ᠤᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠢᠶᠠᠨ ᠬᠦᠴᠦᠨ ᠥᠬᠡᠶ ᠪᠣᠯᠭᠠᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号