ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠵᠢᠷᠭᠤᠭ᠎ᠠ︶ | | ᠭᠤᠷᠪᠠᠳᠤᠭᠠᠷ ᠪᠦᠯᠦᠭ ᠰᠦᠯᠵᠢᠶ᠎ᠡ ᠪᠠᠷ ᠪᠣᠯᠵᠣᠬᠤ ᠲᠡᠷᠭᠡ ᠬᠥᠰᠬᠡ | | ᠠᠷᠪᠠᠨ ᠨᠢᠭᠡᠳᠦᠭᠡᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡ ᠬᠦᠰᠬᠡ ᠶᠢᠨ ᠡᠵᠡᠩᠨᠡᠯᠳᠡ ᠬᠢᠬᠦ ᠲᠡᠷᠭᠡ | ᠬᠥᠰᠬᠡ ᠨᠢ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | | ︵ᠨᠢᠭᠡ︶ ᠲᠡᠷᠭᠡ ᠬᠥᠰᠬᠡ ᠨᠢ ᠬᠥᠯᠥᠨ ᠪᠤᠶᠢᠷ ᠬᠤᠲᠠ ᠶᠢᠨ ᠨᠣᠮᠧᠷ ᠤᠨ ᠫᠠᠶᠢᠰᠠ ᠲᠠᠢ ᠪᠠᠶᠢᠵᠤ᠂ ᠲᠡᠷᠭᠡ | ᠬᠥᠰᠬᠡ ᠶᠢᠨ ᠬᠡᠷᠡᠭᠯᠡᠭᠡᠨ ᠤ ᠰᠢᠨᠵᠢ ᠴᠢᠨᠠᠷ ᠢ ︽ᠤᠷᠢᠳᠴᠢᠯᠠᠨ ᠪᠤᠯᠵᠤᠬᠤ ᠲᠦᠷᠢᠶᠡᠰᠦᠨ ᠮᠠᠰᠢᠨ ᠠᠶᠠᠨᠴᠢᠳ ᠤᠨ | ᠲᠡᠭᠡᠭᠡᠪᠦᠷᠢ︾ ᠪᠠᠷ ᠲᠡᠮᠳᠡᠭᠯᠡᠭᠦᠯᠵᠦ᠂ ᠵᠠᠮ ᠬᠠᠷᠢᠯᠴᠠᠭᠠᠨ ᠤ ᠠᠳᠠᠯ ᠪᠠ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠲᠡᠮᠳᠡᠭᠯᠡᠯ ᠦᠬᠡᠢ ᠪᠠᠶᠢᠬᠤ︔ | | ︵ᠬᠤᠶᠠᠷ︶ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠰᠠᠭᠤᠳᠠᠯ ᠤᠨ ᠮᠠᠰᠢᠨ ᠲᠡᠷᠭᠡ᠂ ᠲᠡᠷᠭᠡ | ᠬᠥᠰᠬᠡ ᠶᠢᠨ ᠳᠠᠩᠰᠠᠯᠠᠭᠤᠯᠤᠨ ᠲᠡᠮᠳᠡᠭᠯᠡᠭᠦᠯᠦᠭᠰᠡᠨ ᠡᠳᠦᠷ ᠬᠤᠭᠤᠴᠠᠭ᠎ᠠ ᠨᠢ 36 ᠰᠠᠷ᠎ᠠ ᠶᠢᠨ ᠳᠣᠲᠣᠷ᠎ᠠ ᠮᠥᠷᠲᠡᠭᠡᠨ | ᠶᠠᠪᠤᠭᠤᠯᠤᠭᠰᠠᠨ ᠭᠠᠵᠠᠷ ᠤᠨ ᠲᠤᠭ᠎ᠠ ᠨᠢ 60 ᠲᠦᠮᠡᠨ ᠺᠢᠯᠣᠮᠧᠳ᠋ᠷ ᠲᠤ ᠬᠦᠷᠦᠭᠡᠳᠦᠶ ᠪᠠᠶᠢᠬᠤ︔ | | ︵ᠭᠤᠷᠪᠠ︶ ᠲᠣᠭᠲᠠᠮᠠᠯ ᠮᠥᠷᠲᠡᠭᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠪᠠᠷᠢᠮᠵᠢᠶ᠎ᠠ ᠳᠤ | ᠨᠡᠶᠢᠴᠡᠭᠰᠡᠨ᠂ ᠲᠡᠷᠭᠡᠨ ᠤ ᠠᠶᠠᠯᠠᠯ ᠢ ᠲᠡᠮᠳᠡᠭᠯᠡᠬᠦ ᠴᠢᠳᠠᠮᠵᠢ ᠲᠠᠢ ᠲᠡᠷᠭᠡ ᠬᠥᠰᠬᠡ ᠶᠢᠨ ᠳᠠᠭᠠᠭᠤᠯᠢ ᠣᠳᠣᠨ ᠣᠷᠣᠨ | ᠪᠠᠶᠢᠷᠢ ᠲᠣᠭᠲᠠᠭᠠᠬᠤ ᠲᠣᠨᠣᠭᠯᠠᠯ᠂ ᠪᠠᠴᠢᠮ ᠪᠠᠶᠢᠳᠠᠯ ᠢ ᠠᠷᠭᠠᠴᠠᠬᠤ ᠰᠡᠷᠡᠮᠵᠢ ᠶᠢᠨ ᠲᠣᠨᠣᠭᠯᠠᠯ ᠤᠭᠰᠠᠷᠠᠬᠤ ᠶᠢᠨ | ᠬᠠᠮᠲᠤ ᠳᠣᠲᠣᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠢᠨᠠᠨ ᠡᠵᠡᠮᠳᠡᠬᠦ ᠲᠠᠪᠴᠠᠩ ᠳᠤ ᠵᠠᠯᠭᠠᠵᠤ | ᠤᠷᠤᠭᠤᠯᠤᠭᠰᠠᠨ ᠪᠠᠶᠢᠬᠤ︔ | | ︵ᠳᠥᠷᠪᠡ︶ ᠲᠡᠷᠭᠡ ᠬᠥᠰᠬᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠶᠠᠨᠴᠢᠳ ᠲᠡᠭᠡᠭᠡᠪᠦᠷᠢᠯᠡᠬᠦ | ᠮᠠᠰᠢᠨ ᠲᠡᠷᠭᠡᠨ ᠤ ᠠᠶᠤᠯᠬᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠮᠠᠰᠢᠨᠲᠤ ᠲᠡᠷᠭᠡᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠳᠠᠭᠰᠢᠯᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔ | | ︵ᠲᠠᠪᠤ︶ ᠲᠣᠰᠣ ᠰᠢᠲᠠᠭᠠᠬᠤ ᠲᠡᠷᠭᠡᠨ ᠤ ᠭᠠᠶᠢᠯᠢ ᠪᠣᠳᠣᠬᠤ ᠦᠨ᠎ᠡ ᠬᠠᠩᠰᠢ ᠶᠢ ᠲᠤᠬᠠᠶ ᠶᠢᠨ ᠭᠠᠵᠠᠷ ᠤᠨ | ᠰᠢᠨ᠎ᠡ ᠪᠠᠷ ᠨᠡᠮᠡᠭᠳᠡᠭᠰᠡᠨ ᠭᠤᠣᠯ ᠤᠷᠤᠰᠬᠠᠯ ᠪᠦᠬᠦᠢ ᠲᠦᠷᠢᠶᠡᠰᠦᠨ ᠮᠠᠰᠢᠨ ᠲᠡᠷᠭᠡᠨ ᠤ ᠳᠤᠮᠳᠠᠴᠢ ᠦᠨ᠎ᠡ ᠶᠢᠨ 1.5 | ᠳᠠᠬᠢᠨ ᠠᠴᠠ ᠳᠣᠣᠷ᠎ᠠ ᠪᠤᠰᠤ︔ ᠰᠢᠨ᠎ᠡ ᠡᠨᠧᠷᠬᠢᠳᠤ ᠲᠡᠷᠭᠡ ᠬᠥᠰᠬᠡ ᠶᠢᠨ ᠦᠷᠭᠦᠯᠵᠢᠯᠡᠨ ᠠᠶᠠᠯᠠᠬᠤ ᠵᠠᠮ ᠤᠨ | ᠣᠷᠳᠣ ᠨᠢ 250 ᠺᠢᠯᠣᠮᠧᠳ᠋ᠷ ᠠᠴᠠ ᠳᠡᠭᠡᠭᠰᠢ ᠪᠠᠶᠢᠬᠤ︔ ᠲᠡᠷᠭᠡᠨ ᠤ ᠲᠡᠩᠭᠡᠯᠢᠭ ᠤᠨ ᠵᠠᠶ ᠨᠢ 2600 | ᠮᠢᠯᠢᠮᠧᠳ᠋ᠷ ᠠᠴᠠ ᠳᠡᠭᠡᠭᠰᠢ ᠪᠠᠶᠢᠬᠤ︔ | | ︵ᠵᠢᠷᠭᠤᠭ᠎ᠠ︶ ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠲᠡᠮᠳᠡᠭ ᠢᠯᠡᠷᠬᠡᠶᠢᠯᠡᠯ ᠢ | ᠰᠦᠷᠴᠢᠵᠦ ᠰᠢᠷᠲᠦᠵᠦ ᠪᠣᠯᠬᠤ ᠥᠬᠡᠶ᠂ ᠣᠷᠣᠶ ᠶᠢᠨ ᠳ᠋ᠧᠩ ᠤᠭᠰᠠᠷᠠᠵᠤ ᠪᠣᠯᠬᠤ ᠥᠬᠡᠶ᠃ ᠲᠡᠷᠭᠡᠨ ᠤ ᠭᠠᠳᠠᠷ | ᠦᠵᠡᠮᠵᠢ ᠨᠢ ᠲᠡᠷᠭᠡ ᠶᠠᠪᠤᠭᠤᠯᠬᠤ ᠦᠨᠡᠮᠯᠡᠯ ᠳᠡᠭᠡᠷᠡᠬᠢ ᠬᠡᠷᠡᠯ ᠵᠢᠷᠤᠭ ᠲᠠᠢ ᠪᠠᠨ ᠨᠢᠭᠡᠳᠦᠯᠲᠡᠶ ᠪᠠᠶᠢᠵᠤ᠂ ᠤᠭᠰᠠᠷᠠᠬᠤ | ᠲᠡᠮᠳᠡᠭ᠂ ᠱᠣᠰᠢᠭ᠎ᠠ᠂ ᠫᠠᠶᠢᠰᠠ᠂ ᠵᠠᠷ᠂ ᠨᠠᠭᠠᠯᠲᠠ ᠵᠡᠷᠭᠡ ᠶᠢ ᠰᠦᠷᠴᠢᠨ ᠰᠢᠷᠲᠦᠵᠤ ᠪᠣᠯᠬᠤ ᠥᠬᠡᠶ︔ | | ︵ᠳᠣᠯᠤᠭ᠎ᠠ︶ ᠲᠡᠷᠭᠡ ᠬᠥᠰᠬᠡ ᠨᠢ ᠳᠠᠭᠠᠭᠠᠨ ᠵᠦᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ | ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠠᠶᠠᠨᠴᠢᠳ ᠤᠨ ᠰᠠᠨᠠᠭᠠᠨ ᠳᠤ ᠥᠬᠡᠶ ᠭᠡᠮᠲᠦᠯ ᠤᠨ | ᠳᠠᠭᠠᠳᠬᠠᠯ ᠵᠡᠷᠭᠡ ᠶᠢ ᠳᠠᠭᠠᠳᠬᠠᠭᠤᠯᠬᠤ ᠬᠡᠷᠡᠭᠲᠡᠶ︔ | | ︵ᠨᠠᠢᠮᠠ︶ ᠲᠡᠷᠭᠡ ᠬᠥᠰᠬᠡ ᠬᠤᠪᠢ ᠬᠥᠮᠦᠨ ᠳᠤ ᠥᠮᠴᠢᠯᠡᠭᠳᠡᠬᠦ ᠲᠤᠯᠠ ᠲᠡᠷᠭᠡ ᠬᠥᠰᠬᠡ ᠶᠢᠨ ᠥᠮᠴᠢᠯᠡᠭᠴᠢ | ᠤᠷᠢᠳᠠᠪᠠᠷ ︽ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ᠣᠯᠬᠤ | ᠬᠡᠷᠡᠭᠲᠡᠶ︔ | | ︵ᠶᠢᠰᠦ︶ ᠬᠠᠤᠯᠢ ᠴᠠᠭᠠᠵᠠ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ᠃ | |