ᠠᠷᠪᠠᠨ ᠬᠤᠶᠠᠳᠤᠭᠠᠷ ᠵᠦᠢᠯ ᠲᠣᠰ ᠭᠠᠵᠠᠷ ᠣᠷᠣᠨ ᠳᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ | ᠰᠦᠯᠵᠢᠶ᠎ᠡ ᠪᠠᠷ ᠪᠣᠯᠵᠣᠬᠤ ᠮᠠᠰᠢᠨ ᠲᠡᠷᠬᠡᠨ ᠤ ᠲᠠᠪᠴᠠᠩ ᠤᠨ ᠺᠣᠮᠫᠠᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠳᠤ | ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠵᠢᠴᠢ ᠲᠡᠷᠭᠡ ᠬᠥᠰᠬᠡ ᠶᠢᠨ ᠥᠮᠴᠢᠯᠡᠭᠴᠢ ᠶᠢᠨ ᠨᠠᠶᠢᠳᠠᠯᠭ᠎ᠠ ᠶᠢᠨ ᠪᠢᠴᠢᠭ ᠪᠤᠶᠤ | ᠬᠤᠷᠰᠢᠬᠤ ᠰᠠᠨᠠᠮᠵᠢ ᠶᠢᠨ ᠪᠢᠴᠢᠭ ᠢ ᠠᠪᠴᠤ᠂ ᠡᠰᠡᠬᠦᠯ᠎ᠡ ᠲᠡᠷᠭᠡ ᠬᠥᠰᠬᠡ ᠶᠢᠨ ᠡᠵᠡᠨ ᠨᠢ ᠳᠡᠭᠡᠷ᠎ᠡ ᠳᠤᠷᠠᠳᠤᠭᠰᠠᠨ | ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠵᠢᠴᠢ ᠲᠠᠪᠴᠠᠩ ᠤᠨ ᠠᠵᠤ ᠠᠬᠤᠶᠢᠯᠠᠯ ᠯᠤᠭ᠎ᠠ ᠬᠤᠷᠰᠢᠬᠤ | ᠰᠠᠨᠠᠮᠵᠢ ᠶᠢᠨ ᠪᠢᠴᠢᠭ ᠢᠶᠠᠨ ᠠᠪᠴᠤ ᠲᠤᠬᠠᠢ ᠶᠢᠨ ᠭᠠᠵᠠᠷ ᠤᠨ ᠬᠤᠰᠢᠭᠤ ᠬᠤᠲᠠ ᠲᠣᠭᠤᠷᠢᠭ ᠤᠨ ᠲᠦᠷᠢᠶᠡᠰᠦᠨ | ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠥᠪᠡᠰᠦᠪᠡᠨ | ᠭᠦᠢᠴᠡᠳᠬᠡᠨ᠎ᠡ᠃ ᠲᠣᠰ ᠭᠠᠵᠠᠷ ᠣᠷᠣᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠲᠡᠷᠭᠡ | ᠬᠥᠰᠬᠡ ᠳᠤ ︽ᠰᠦᠯᠵᠢᠶ᠎ᠡ ᠪᠠᠷ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ | ᠣᠯᠭᠤᠨ᠎ᠠ᠃ | | ᠠᠷᠪᠠᠨ ᠭᠤᠷᠪᠠᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠠᠶᠠᠯᠠᠬᠤ ᠵᠠᠮ ᠤᠨ ᠤᠷᠲᠤ ᠨᠢ 60 | ᠲᠦᠮᠡᠨ ᠺᠢᠯᠣᠮᠧᠳ᠋ᠷ ᠲᠤ ᠬᠦᠷᠪᠡᠯ ᠠᠯᠪᠠᠳᠠᠯᠭ᠎ᠠ ᠪᠠᠷ ᠬᠡᠷᠡᠭᠴᠡᠭᠡ ᠠᠴᠠ ᠭᠠᠷᠭᠠᠨ᠎ᠠ᠃ ᠠᠶᠠᠯᠠᠭᠰᠠᠨ ᠵᠠᠮ ᠨᠢ 60 | ᠲᠦᠮᠡᠨ ᠺᠢᠯᠣᠮᠧᠳ᠋ᠷ ᠲᠤ ᠬᠦᠷᠦᠭᠡᠳᠦᠶ ᠪᠣᠯᠪᠠᠴᠤ ᠬᠡᠷᠡᠭᠯᠡᠬᠦ ᠵᠢᠯ ᠬᠤᠭᠤᠴᠠᠭ᠎ᠠ ᠨᠢ 8 ᠵᠢᠯ ᠪᠣᠯᠬᠤ ᠦᠶ᠎ᠡ ᠳᠤ᠂ | ᠰᠦᠯᠵᠢᠶ᠎ᠡ ᠪᠠᠷ ᠪᠣᠯᠵᠣᠬᠤ ᠲᠡᠷᠭᠡᠨ ᠤ ᠡᠵᠡᠩᠨᠡᠯᠳᠡ ᠠᠴᠠ ᠤᠬᠤᠷᠢᠨ ᠭᠠᠷᠤᠨ᠎ᠠ᠃ ︽ᠰᠦᠯᠵᠢᠶ᠎ᠡ ᠪᠠᠷ ᠪᠣᠯᠵᠣᠬᠤ | ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠬᠦ | ᠡᠳᠦᠷ ᠨᠢ ᠦᠨᠡᠮᠯᠡᠯ ᠣᠯᠭᠤᠭᠰᠠᠨ ᠡᠳᠦᠷ ᠪᠣᠯᠤᠨ᠎ᠠ᠂ ᠬᠤᠭᠤᠴᠠᠭ᠎ᠠ ᠳᠦᠭᠦᠷᠬᠦ ᠡᠳᠦᠷ ᠨᠢ ᠲᠡᠷᠭᠡ ᠶᠠᠪᠤᠭᠤᠯᠬᠤ | ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠠᠩᠬᠠᠨ ᠤ ᠳᠠᠩᠰᠠᠯᠠᠯ ᠬᠢᠭᠰᠡᠨ ᠡᠳᠦᠷ ᠠᠴᠠ ᠳᠠᠷᠠᠭᠠᠯᠠᠨ ᠪᠤᠳᠤᠭᠠᠳ 8 | ᠳ᠋ᠤᠭᠠᠷ ᠵᠢᠯ ᠤᠨ ᠬᠠᠷᠠᠭᠠᠯᠵᠠᠬᠤ ᠡᠳᠦᠷ ᠪᠣᠯᠤᠨ᠎ᠠ᠃ | | ᠠᠷᠪᠠᠨ ᠳᠥᠷᠪᠡᠳᠦᠭᠡᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡ ᠬᠥᠰᠬᠡ ᠨᠢ ︽ᠰᠦᠯᠵᠢᠶ᠎ᠡ ᠪᠠᠷ ᠪᠣᠯᠵᠣᠬᠤ | ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ ᠬᠤᠭᠤᠴᠠᠭ᠎ᠠ ᠨᠢ | ᠳᠦᠭᠦᠷᠬᠦ ᠠᠴᠠ ᠡᠮᠦᠨ᠎ᠡ ᠰᠦᠯᠵᠢᠶ᠎ᠡ ᠪᠠᠷ ᠪᠣᠯᠵᠣᠬᠤ ᠲᠡᠷᠭᠡ ᠶᠢᠨ ᠡᠵᠡᠩᠨᠡᠯᠳᠡ ᠠᠴᠠ ᠤᠬᠤᠷᠢᠨ ᠭᠠᠷᠴᠤ᠂ | ᠠᠶᠠᠯᠠᠭᠰᠠᠨ ᠵᠠᠮ ᠤᠨ ᠣᠷᠳᠣ ᠨᠢ 60 ᠲᠦᠮᠡᠨ ᠺᠢᠯᠣᠮᠧᠳ᠋ᠷ ᠲᠤ ᠬᠦᠷᠦᠭᠰᠡᠨ ᠪᠤᠶᠤ ᠬᠡᠷᠡᠭᠯᠡᠭᠰᠡᠨ ᠵᠢᠯ ᠤᠨ | ᠬᠤᠭᠤᠴᠠᠭ᠎ᠠ ᠨᠢ 8 ᠵᠢᠯ ᠪᠣᠯᠬᠤ ᠳᠤ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠲᠡᠭᠡᠭᠡᠪᠦᠷᠢ ᠶᠢᠨ ᠦᠨᠡᠮᠯᠡᠯ︾ ᠨᠢ ᠠᠶᠠᠨᠳᠠᠭᠠᠨ ᠬᠦᠴᠦᠨ ᠥᠬᠡᠶ ᠪᠣᠯᠵᠤ᠂ ᠲᠦᠷᠢᠶᠡᠰᠦᠨ ᠮᠠᠰᠢᠨ ᠲᠡᠷᠭᠡᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠤᠳ ᠬᠦᠴᠦᠨ ᠥᠬᠡᠶ ᠪᠣᠯᠭᠠᠵᠤ᠂ | ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠨᠢ ᠬᠦᠴᠦᠨ ᠥᠬᠡᠶ ᠪᠣᠯᠭᠠᠭᠰᠠᠨ ᠮᠠᠰᠢᠨ | ᠲᠡᠷᠭᠡ ᠶᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠨ᠎ᠠ᠃ | | ᠰᠦᠯᠵᠢᠶ᠎ᠡ ᠪᠠᠷ ᠪᠣᠯᠵᠣᠬᠤ ᠲᠡᠷᠭᠡ ᠬᠥᠰᠬᠡ ᠨᠢ ᠡᠵᠡᠩᠨᠡᠯᠲᠡ ᠠᠴᠠ ᠤᠬᠤᠷᠢᠨ ᠭᠠᠷᠪᠠᠯ᠂ ︽ᠰᠦᠯᠵᠢᠶ᠎ᠡ ᠪᠠᠷ | ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠥᠬᠡᠶ ᠪᠣᠯᠭᠠᠭᠰᠠᠨ | ᠭᠡᠷᠡᠴᠢ ᠪᠠᠨ ᠠᠪᠴᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠬᠦᠷᠴᠦ ᠬᠡᠷᠡᠭᠯᠡᠭᠡᠨ ᠤ ᠰᠢᠨᠵᠢ ᠴᠢᠨᠠᠷ ᠢ ᠳᠡᠩᠰᠡᠯᠡᠨ ᠲᠡᠮᠳᠡᠭᠯᠡᠵᠦ ᠬᠤᠪᠢᠷᠠᠭᠠᠬᠤ ᠭᠠᠷᠳᠠᠮ | ᠭᠦᠢᠴᠡᠳᠬᠡᠨ᠎ᠡ᠃ | |