ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠨᠠᠢᠮᠠ︶ | | ᠳᠥᠷᠪᠡᠳᠦᠭᠡᠷ ᠪᠦᠯᠦᠭ ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ | | | ᠠᠷᠪᠠᠨ ᠲᠠᠪᠤᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠦᠢᠯᠡᠴᠢᠯᠡᠭᠡ ᠬᠢᠵᠦ ᠪᠠᠶᠢᠭ᠎ᠠ ᠵᠢᠯᠣᠭᠤᠴᠢ | ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | | ︵ᠨᠢᠭᠡ︶ ᠵᠣᠬᠢᠴᠠᠩᠭᠤᠶ ᠵᠢᠯᠣᠭᠤᠳᠴᠤ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠤ ᠲᠡᠷᠭᠡ ᠵᠢᠯᠣᠭᠤᠳᠬᠤ | ᠦᠨᠡᠮᠯᠡᠯ ᠣᠯᠤᠭᠰᠠᠨ ᠪᠥᠭᠡᠳ 3 ᠵᠢᠯ ᠠᠴᠠ ᠳᠡᠭᠡᠭᠰᠢ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ︔ | | ︵ᠬᠤᠶᠠᠷ︶ ᠵᠠᠮ ᠬᠠᠷᠢᠯᠴᠠᠭᠠᠨ ᠤ ᠠᠳᠡᠯ ᠭᠠᠷᠭᠠᠭᠰᠠᠨ ᠶᠠᠯᠠᠲᠤ ᠠᠵᠢᠯᠯᠠᠭ᠎ᠠ᠂ ᠠᠶᠤᠯᠲᠠᠢ ᠪᠠᠷ ᠲᠡᠷᠭᠡ | ᠵᠢᠯᠣᠭᠤᠳᠤᠭᠰᠠᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠦᠭᠡᠢ᠂ ᠬᠤᠣᠷ ᠲᠠᠲᠠᠭᠰᠠᠨ ᠲᠡᠮᠳᠡᠭᠯᠡᠯ ᠦᠭᠡᠢ᠂ ᠠᠷᠢᠬᠢ | ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠲᠡᠮᠳᠡᠭᠯᠡᠯ ᠦᠭᠡᠢ᠂ ᠣᠷᠴᠢᠮ ᠵᠠᠯᠭᠠᠪᠠᠷ 3 ᠬᠤᠪᠢ ᠲᠡᠮᠳᠡᠭᠯᠡᠬᠦ | ᠦᠶᠡᠯᠡᠬᠦ ᠬᠤᠭᠤᠴᠠᠭᠠᠨ ᠳᠤ 12 ᠬᠤᠪᠢ ᠲᠡᠮᠳᠡᠭᠯᠡᠬᠦᠯᠦᠭᠰᠡᠨ ᠦᠭᠡᠢ ᠪᠠᠶᠢᠬᠤ︔ | | ︵ᠭᠤᠷᠪᠠ︶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠦᠭᠡᠢ ᠪᠠᠶᠢᠬᠤ︔ | | ︵ᠳᠥᠷᠪᠡ︶ ᠡᠷᠡᠭᠲᠡᠶ ᠪᠦᠬᠦᠯᠢ 60 ᠨᠠᠰᠤᠨ ᠠᠴᠠ ᠳᠣᠷᠣᠭᠰᠢ᠂ ᠡᠮᠡᠭᠲᠡᠶ ᠪᠦᠬᠦᠯᠢ 55 ᠨᠠᠰᠤᠨ ᠠᠴᠠ | ᠳᠣᠷᠣᠭᠰᠢ᠂ ᠪᠡᠶ᠎ᠡ ᠮᠠᠬᠠᠪᠣᠳ ᠨᠢ ᠡᠷᠡᠭᠦᠯ ᠴᠢᠭᠢᠷᠠᠭ ᠪᠠᠶᠢᠬᠤ︔ | | ︵ᠲᠠᠪᠤ︶ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢᠶᠠᠨ ᠬᠤᠷᠢᠶᠠᠯᠭᠠᠵᠤ ᠬᠦᠴᠦᠨ ᠦᠭᠡᠶ ᠪᠣᠯᠭᠠᠭᠳᠠᠭᠰᠠᠨ | ᠲᠡᠮᠳᠡᠭᠯᠡᠯ ᠦᠭᠡᠶ ᠪᠠᠶᠢᠬᠤ︔ | | ︵ᠵᠢᠷᠭᠤᠭ᠎ᠠ︶ ᠬᠠᠤᠯᠢ ᠴᠠᠭᠠᠵᠠ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠲᠠᠢ ᠪᠠᠶᠢᠬᠤ᠃ | ᠲᠤᠰ ᠵᠦᠢᠯ ᠤᠨ ︵ᠨᠢᠭᠡ︶ ︵ᠬᠤᠶᠠᠷ︶ ︵ᠭᠤᠷᠪᠠ︶ ᠳ᠋ᠤᠭᠠᠷ ᠵᠤᠷᠪᠤᠰ ᠢ ᠣᠷᠣᠨ ᠨᠤᠲᠤᠭ ᠤᠨ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠪᠠᠶᠢᠴᠠᠭᠠᠵᠤ᠂ 10 ᠡᠳᠦᠷ ᠤᠨ ᠳᠣᠲᠣᠷ᠎ᠠ ᠬᠢᠨᠠᠨ | ᠪᠠᠶᠢᠴᠠᠭᠠᠭᠰᠠᠨ ᠦᠷ᠎ᠡ ᠳ᠋ᠦᠩ ᠢᠶᠠᠨ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤ ᠲᠤᠰᠬᠠᠨ᠎ᠠ︔ ︵ᠳᠥᠷᠪᠡ︶ ︵ᠲᠠᠪᠤ︶ ︵ᠵᠢᠷᠭᠤᠭ᠎ᠠ︶ ᠳ᠋ᠤᠭᠠᠷ | ᠵᠤᠷᠪᠤᠰ ᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠢᠨᠠᠨ ᠪᠠᠶᠢᠴᠠᠭᠠᠨ᠎ᠠ᠃ | | ᠠᠷᠪᠠᠨ ᠵᠢᠷᠭᠤᠳᠤᠭᠠᠷ ᠵᠦᠢᠯ ᠲᠤᠰ ᠭᠠᠵᠠᠷ ᠣᠷᠣᠨ ᠳᠤ ᠡᠵᠡᠩᠨᠡᠬᠦ ᠶᠢ ᠨᠢ ᠨᠢᠭᠡᠨᠲᠡ ᠵᠥᠪᠰᠢᠶᠡᠷᠡᠭᠰᠡᠨ | ᠰᠦᠯᠵᠢᠶ᠎ᠡ ᠪᠠᠷ ᠪᠣᠯᠵᠣᠬᠤ ᠲᠡᠷᠬᠡᠨ ᠤ ᠲᠠᠪᠴᠠᠩ ᠤᠨ ᠺᠣᠮᠫᠠᠨᠢ ᠠᠴᠠ ᠠᠷᠪᠠᠨ ᠲᠠᠪᠤᠳᠤᠭᠠᠷ ᠵᠦᠢᠯ ᠤᠨ | ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠵᠢᠴᠢ ᠵᠢᠯᠣᠭᠤᠴᠢ ᠶᠢᠨ ᠨᠠᠶᠢᠳᠠᠯᠭ᠎ᠠ ᠶᠢᠨ ᠪᠢᠴᠢᠭ ᠪᠤᠶᠤ | ᠬᠤᠷᠰᠢᠬᠤ ᠰᠠᠨᠠᠮᠵᠢ ᠶᠢᠨ ᠪᠢᠴᠢᠭ ᠢᠶᠠᠨ ᠠᠪᠴᠤ ᠭᠦᠢᠴᠡᠳᠬᠡᠵᠦ᠂ ᠡᠰᠡᠬᠦᠯ᠎ᠡ ᠵᠢᠯᠣᠭᠤᠴᠢ ᠲᠤᠰ ᠬᠥᠮᠦᠨ ᠨᠢ ᠠᠷᠪᠠᠨ | ᠲᠠᠪᠤᠳᠤᠭᠠᠷ ᠵᠦᠢᠯ ᠤᠨ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢᠯᠡᠬᠦ ᠮᠠᠲ᠋ᠧᠷᠢᠶᠠᠯ ᠵᠢᠴᠢ ᠰᠦᠯᠵᠢᠶᠡᠨ ᠲᠡᠷᠭᠡᠨ | ᠲᠠᠪᠴᠠᠩ ᠤᠨ ᠺᠣᠮᠫᠠᠨᠢ ᠯᠤᠭ᠎ᠠ ᠬᠤᠷᠰᠢᠬᠤ ᠬᠡᠯᠡᠯᠴᠡᠭᠡᠷ ᠢᠶᠠᠨ ᠠᠪᠴᠤ ᠥᠪᠡᠷ ᠢᠶᠠᠨ ᠭᠦᠢᠴᠡᠳᠬᠡᠵᠦ᠂ ᠲᠦᠷᠢᠶᠡᠰᠦᠨ | ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠬᠤ ᠶᠢᠨ ᠬᠠᠮᠲᠤ | ᠵᠢᠯᠣᠭᠤᠴᠢ ᠨᠢ ᠠᠵᠢᠯ ᠡᠷᠬᠢᠯᠡᠬᠦ ᠬᠢᠷᠢ ᠬᠡᠮ ᠤᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠲᠦᠷᠢᠶᠡᠰᠦᠨ | ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ | ︽ᠰᠦᠯᠵᠢᠶ᠎ᠡ ᠪᠠᠷ ᠤᠷᠢᠳᠴᠢᠯᠠᠨ ᠪᠤᠯᠵᠤᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ᠢ | ᠣᠯᠤᠨ᠎ᠠ᠃ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ︾ ᠢ | ᠣᠯᠤᠭᠰᠠᠨ ᠵᠢᠯᠣᠭᠤᠴᠢ ᠡᠷᠬᠡᠪᠰᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ | ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠤᠶᠤᠴᠢᠯᠠᠬᠤ | ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠭᠠᠷ ᠭᠦᠢᠴᠡᠳᠬᠡᠯ ᠬᠢᠭᠰᠡᠨ ᠤ ᠳᠠᠷᠠᠭ᠎ᠠ ᠰᠠᠶ᠋ᠢ ᠠᠵᠢᠯ ᠤᠨ | ᠪᠠᠶᠢᠷᠢ ᠳᠤ ᠭᠠᠷᠴᠤ ᠠᠵᠢᠯᠯᠠᠵᠤ ᠪᠣᠯᠤᠨ᠎ᠠ᠃ ᠲᠡᠭᠦᠨ ᠤ ᠠᠵᠢᠯ ᠡᠷᠭᠢᠯᠡᠬᠦ ᠰᠢᠯᠭᠠᠯᠲᠠ᠂ ᠳᠠᠩᠰᠠᠯᠠᠯ ᠢ ᠬᠤᠪᠢᠷᠠᠭᠤᠯᠬᠤ | ᠂ ᠳᠠᠩᠰᠠᠯᠠᠯ ᠢ ᠦᠷᠭᠦᠯᠵᠢᠯᠡᠭᠦᠯᠬᠦ᠂ ᠳᠠᠩᠰᠠᠯᠠᠯ ᠢ ᠬᠦᠴᠦᠨ ᠥᠬᠡᠶ ᠪᠣᠯᠭᠠᠬᠤ᠂ ᠦᠷᠭᠦᠯᠵᠢᠯᠡᠯ ᠰᠤᠷᠭᠠᠨ ᠬᠥᠮᠦᠵᠢᠯ | ᠵᠡᠷᠭᠡ ᠵᠦᠢᠯᠡᠰ ᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ | ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ ᠬᠡᠷᠡᠭᠵᠢᠭᠦᠯᠦᠨ᠎ᠡ᠃ | | ᠠᠷᠪᠠᠨ ᠳᠣᠯᠣᠳᠤᠭᠠᠷ ᠵᠦᠢᠯ ᠰᠦᠯᠵᠢᠶ᠎ᠡ ᠪᠠᠷ ᠪᠣᠯᠵᠣᠬᠤ ᠳᠡᠷᠬᠡᠨ ᠤ ᠲᠠᠪᠴᠠᠩ ᠤᠨ ᠺᠣᠮᠫᠠᠨᠢ ᠨᠢ | ᠵᠢᠯᠣᠭᠤᠴᠢ ᠶᠢᠨ ᠪᠣᠯᠪᠠᠰᠤᠷᠠᠭᠤᠯᠤᠯ ᠪᠠ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠲᠥᠷᠥᠯ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠬᠠᠮᠠᠭᠠᠯᠠᠵᠤ᠂ ᠲᠠᠪᠴᠠᠩ ᠳᠤ ᠣᠷᠣᠭᠰᠠᠨ ᠲᠡᠷᠭᠡ ᠬᠥᠰᠬᠡ᠂ | ᠵᠢᠯᠣᠭᠤᠴᠢ ᠵᠢᠴᠢ ᠦᠢᠯᠡᠴᠢᠯᠡᠬᠡᠨ ᠤ ᠶᠠᠰᠤ ᠴᠢᠨᠠᠷ᠂ ᠡᠵᠡᠩᠨᠡᠯᠲᠡ ᠶᠢᠨ ᠠᠮᠤᠷ ᠲᠦᠪᠰᠢᠨ ᠵᠡᠷᠭᠡ ᠳᠤ ᠭᠤᠤᠯ | ᠴᠣᠭᠴᠠ ᠶᠢᠨ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠪᠠ | ᠵᠣᠬᠢᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠨ᠎ᠡ᠃ | |