ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠶᠢᠰᠦ︶ | | ᠲᠠᠪᠤᠳᠤᠭᠠᠷ ᠪᠦᠯᠦᠭ ᠰᠦᠯᠵᠢᠶ᠎ᠡ ᠪᠠᠷ ᠪᠣᠯᠵᠣᠬᠤ ᠲᠡᠷᠭᠡᠨ ᠤ ᠡᠵᠡᠩᠨᠡᠯᠳᠡ ᠶᠢᠨ ᠠᠵᠢᠯᠯᠠᠭ᠎ᠠ | | ᠠᠷᠪᠠᠨ ᠨᠠᠢᠮᠠᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠨᠢ ᠤᠯᠤᠰ ᠤᠨ | ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠲᠡᠷᠭᠡ ᠬᠥᠰᠬᠡ ᠶᠢᠨ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠲᠡᠷᠭᠡ ᠬᠥᠰᠬᠡ ᠶᠢᠨ ᠮᠡᠷᠭᠡᠵᠢᠯ ᠤᠨ ᠪᠠᠶᠢᠳᠠᠯ ᠨᠢ ᠰᠠᠶᠢᠨ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠶ | ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠬᠠᠮᠢᠶ᠎ᠠ ᠪᠥᠬᠦᠶ ᠲᠡᠮᠳᠡᠭᠯᠡᠯ ᠢ ᠰᠠᠶᠢᠲᠤᠷ ᠬᠢᠨ᠎ᠡ᠃ | | ᠠᠷᠪᠠ ᠶᠢᠰᠦᠳᠦᠭᠡᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠡᠵᠡᠩᠨᠡᠯᠲᠡ ᠶᠢᠨ | ᠠᠮᠤᠷ ᠲᠦᠪᠰᠢᠨ ᠢ ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠭᠤᠤᠯ | ᠡᠵᠡᠩᠨᠡᠯᠲᠡ ᠶᠢᠨ ᠲᠦᠭᠰᠢᠭᠦᠷᠢ ᠶᠢ ᠡᠭᠦᠷᠭᠡᠯᠡᠵᠦ᠂ ᠲᠦᠷᠢᠶᠡᠰᠦᠯᠡᠭᠦᠯᠬᠦ ᠪᠠᠷ ᠪᠣᠷᠣᠯᠠᠭᠤᠯᠬᠤ ᠶᠢ ᠣᠷᠣᠯᠠᠭᠤᠯᠬᠤ᠂ ᠶᠡᠭᠡ | ᠬᠡᠮᠵᠢᠶᠡᠨ ᠤ ᠲᠦᠭᠰᠢᠭᠦᠷᠢᠲᠡᠢ ᠪᠠᠷᠢᠴᠠᠭᠠᠨ ᠤ ᠮᠥᠩᠭᠦ ᠬᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠯᠲᠡ ᠶᠢᠨ | ᠲᠦᠭᠰᠢᠭᠦᠷᠢ ᠶᠢ ᠵᠢᠯᠣᠭᠤᠴᠢ ᠳᠤ ᠰᠢᠯᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠤᠰᠤᠳ ᠲᠤ | ᠰᠢᠯᠵᠢᠭᠦᠯᠬᠦ ᠶᠢ ᠴᠢᠩᠭ᠎ᠠ ᠴᠠᠭᠠᠵᠠᠯᠠᠨ᠎ᠠ᠃ ᠦᠢᠯᠡᠴᠢᠯᠡᠭᠡᠨ ᠤ ᠶᠠᠪᠤᠴᠠ ᠳᠤ ᠡᠭᠦᠰᠦᠭᠰᠡᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠠᠳᠡᠯ ᠵᠡᠷᠭᠡ ᠳᠤ ᠬᠤᠯᠪᠣᠭᠳᠠᠯ ᠪᠦᠬᠦᠢ ᠵᠠᠷᠤᠳᠠᠯ ᠢ ᠤᠷᠢᠳᠠᠪᠠᠷ ᠣᠷᠣᠯᠠᠨ ᠦᠭᠴᠦ᠂ ᠶᠠᠮᠠᠷᠪᠠ | ᠨᠢᠬᠡᠨ ᠬᠡᠯᠪᠡᠷᠢ ᠪᠠᠷ ᠲᠡᠭᠡᠭᠡᠪᠦᠷᠢ ᠶᠢᠨ ᠦᠢᠯᠡᠴᠢᠯᠡᠭᠡᠨ ᠤ ᠲᠦᠭᠰᠢᠭᠦᠷᠢ ᠶᠢ ᠠᠶᠠᠨᠴᠢᠳ ᠵᠢᠴᠢ ᠵᠢᠯᠣᠭᠤᠴᠢ ᠳᠤ | ᠰᠢᠯᠵᠢᠭᠦᠯᠵᠦ ᠪᠣᠯᠬᠤ ᠦᠭᠡᠶ᠃ | | ᠬᠤᠷᠢᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠨᠢ ᠬᠠᠩᠭᠠᠭᠰᠠᠨ | ᠦᠢᠯᠡᠴᠢᠯᠡᠭᠡᠨ ᠤ ᠲᠡᠷᠭᠡ ᠬᠥᠰᠬᠡ ᠶᠢᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ᠂ | ᠮᠡᠷᠭᠡᠵᠢᠯ ᠤᠨ ᠪᠠᠶᠢᠳᠠᠯ ᠨᠢ ᠰᠠᠶᠢᠨ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠶ ᠪᠠᠶᠢᠬᠤ ᠶᠢ ᠪᠠᠲᠤᠯᠠᠵᠤ᠂ | ᠲᠡᠷᠭᠡᠨ ᠳᠡᠭᠡᠷᠡᠬᠢ ᠳᠠᠭᠠᠭᠤᠯᠢ ᠣᠳᠣᠨ ᠤ ᠣᠷᠣᠨ ᠪᠠᠶᠢᠷᠢ ᠲᠣᠭᠲᠠᠭᠠᠬᠤ᠂ ᠪᠠᠴᠢᠮ ᠪᠠᠶᠢᠳᠠᠯ ᠢ ᠠᠷᠭᠠᠴᠠᠬᠤ | ᠰᠡᠷᠡᠮᠵᠢ ᠶᠢᠨ ᠳᠣᠬᠢᠶ᠎ᠠ ᠥᠭᠬᠦ ᠲᠤᠨᠤᠭᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠵᠤ᠂ ᠬᠡᠪ ᠤᠨ ᠶᠣᠰᠣᠭᠠᠷ | ᠠᠵᠢᠯᠯᠠᠬᠤ ᠵᠢᠴᠢ ᠲᠡᠭᠡᠭᠡᠪᠦᠷᠢ ᠶᠢᠨ ᠲᠡᠷᠭᠡᠨ ᠤ ᠬᠠᠮᠢᠶ᠎ᠠ ᠪᠦᠬᠦᠢ ᠳᠠᠭᠠᠳᠬᠠᠯ ᠲᠠᠢ ᠪᠠᠶᠢᠬᠤ ᠶᠢ ᠦᠨᠡᠨᠬᠦ ᠪᠠᠲᠤᠯᠠᠨ᠎ᠠ︔ | ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠶᠢᠨ | ᠬᠠᠤᠯᠢ ᠶᠣᠰᠣᠨ ᠤ ᠠᠵᠢᠯ ᠡᠷᠭᠢᠯᠡᠬᠦ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠬᠤᠯᠪᠣᠭᠳᠠᠯ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠠᠵᠢᠯᠯᠠᠬᠤ ᠴᠠᠭ ᠤᠨ | ᠣᠷᠳᠣ᠂ ᠦᠢᠯᠡᠴᠢᠯᠡᠬᠡᠨ ᠤ ᠳᠠᠪᠲᠠᠮᠵᠢ ᠵᠡᠷᠭᠡ ᠣᠨᠴᠠᠯᠢᠭ ᠢ ᠦᠨᠳᠦᠰᠦᠯᠡᠨ᠂ ᠵᠢᠯᠣᠭᠤᠴᠢ ᠲᠠᠢ ᠣᠯᠠᠨ ᠵᠦᠢᠯ ᠤᠨ | ᠬᠡᠯᠪᠡᠷᠢ ᠶᠢᠨ ᠬᠥᠳᠡᠯᠮᠦᠷᠢ ᠶᠢᠨ ᠭᠡᠷ᠎ᠡ ᠪᠤᠶᠤ ᠬᠡᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ | ᠲᠤᠳᠤᠷᠬᠠᠶᠢᠯᠠᠨ᠎ᠠ︔ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠵᠢᠯᠣᠭᠤᠴᠢ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ ᠪᠠᠲᠤᠯᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ | ᠠᠵᠢᠯ ᠮᠡᠷᠭᠡᠵᠢᠯ ᠤᠨ ᠶᠣᠰᠣ ᠮᠣᠷᠠᠯ᠂ ᠦᠢᠯᠡᠴᠢᠯᠡᠬᠡᠨ ᠤ ᠵᠢᠷᠤᠮᠵᠢᠯ᠂ ᠠᠶᠤᠯᠭᠦᠶ ᠡᠵᠡᠩᠨᠡᠯᠲᠡ ᠵᠡᠷᠭᠡ ᠲᠠᠯ᠎ᠠ ᠶᠢᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ᠡᠳᠦᠷ ᠲᠤᠲᠤᠮ ᠤᠨ ᠬᠥᠮᠦᠵᠢᠯ ᠢ | ᠥᠷᠨᠢᠭᠦᠯᠵᠦ᠂ ᠰᠦᠯᠵᠢᠶᠡᠨ ᠳᠡᠭᠡᠷ᠎ᠡ ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠪᠣᠯᠤᠨ ᠰᠦᠯᠵᠢᠶᠡᠨ ᠭᠠᠳᠠᠨ᠎ᠠ | ᠪᠣᠳᠠᠲᠠᠶ ᠦᠢᠯᠡᠴᠢᠯᠡᠭᠡ ᠬᠠᠩᠭᠠᠵᠤ ᠪᠠᠶᠢᠭ᠎ᠠ ᠵᠢᠯᠣᠭᠤᠴᠢ ᠶᠢᠨ ᠨᠢᠭᠡᠳᠦᠯᠲᠡᠶ ᠪᠠᠶᠢᠬᠤ ᠶᠢ ᠪᠠᠲᠤᠯᠠᠨ᠎ᠠ᠃ | | ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠵᠢᠯᠣᠭᠤᠴᠢ᠂ ᠲᠡᠷᠭᠡ ᠪᠣᠯᠵᠣᠬᠤ ᠬᠥᠮᠦᠨ ᠤ | ᠦᠢᠯᠡᠴᠢᠯᠡᠬᠡᠨ ᠤ ᠲᠠᠪᠴᠠᠩ ᠳᠤ ᠨᠡᠶᠢᠲᠡᠯᠡᠭᠰᠡᠨ ᠮᠡᠳᠡᠭᠡ ᠵᠠᠩᠭᠢ ᠶᠢᠨ ᠠᠭᠤᠯᠭ᠎ᠠ᠂ ᠬᠡᠷᠡᠭᠯᠡᠭᠴᠢ ᠶᠢᠨ | ᠳᠠᠩᠰᠠᠯᠠᠭᠤᠯᠤᠭᠰᠠᠨ ᠮᠡᠳᠡᠭᠡ ᠵᠠᠩᠭᠢ᠂ ᠪᠡᠶ᠎ᠡ ᠬᠡᠮ ᠤᠨ ᠭᠡᠷᠡᠴᠢᠯᠡᠯ ᠤᠨ ᠮᠡᠳᠡᠭᠡ ᠵᠠᠩᠭᠢ᠂ ᠵᠠᠬᠢᠶᠠᠯᠠᠭ᠎ᠠ ᠶᠢᠨ | ᠡᠳᠦᠷ ᠤᠨ ᠲᠡᠮᠳᠡᠭᠯᠡᠯ᠂ ᠰᠦᠯᠵᠢᠶᠡᠨ ᠳᠤ ᠭᠠᠷᠤᠭᠰᠠᠨ ᠡᠳᠦᠷ ᠤᠨ ᠲᠡᠮᠳᠡᠭᠯᠡᠯ᠂ ᠰᠦᠯᠵᠢᠶᠡᠨ ᠳᠡᠭᠡᠷ᠎ᠡ | ᠠᠷᠠᠯᠵᠢᠶᠠᠯᠠᠭᠰᠠᠨ ᠡᠳᠦᠷ ᠤᠨ ᠲᠡᠮᠳᠡᠭᠯᠡᠯ᠂ ᠠᠶᠠᠯᠠᠭᠰᠠᠨ ᠵᠠᠮ ᠤᠨ ᠡᠳᠦᠷ ᠤᠨ ᠲᠡᠮᠳᠡᠭᠯᠡᠯ ᠵᠡᠷᠭᠡ ᠲᠤᠭ᠎ᠠ ᠪᠠᠷᠢᠮᠲᠠ ᠶᠢ | ᠲᠡᠮᠳᠡᠭᠯᠡᠬᠦ ᠶᠢᠨ ᠬᠠᠮᠲᠤ ᠬᠤᠪᠢ ᠪᠡᠯᠡᠳᠬᠡᠬᠦ ᠬᠡᠷᠡᠭᠲᠡᠶ᠃ ᠰᠦᠯᠵᠢᠶ᠎ᠡ ᠪᠠᠷ ᠪᠣᠯᠵᠣᠬᠤ ᠦᠢᠯᠡᠴᠢᠯᠡᠭᠡ | ᠬᠠᠩᠭᠠᠬᠤ ᠳᠠᠭᠠᠨ᠂ ᠵᠢᠯᠣᠭᠤᠴᠢ ᠶᠢᠨ ᠣᠪᠣᠭ ᠨᠡᠷ᠎ᠡ᠂ ᠬᠡᠷᠡᠯ ᠵᠢᠷᠤᠭ᠂ ᠭᠠᠷ ᠤᠲᠠᠰᠤᠨ ᠤ ᠨᠣᠮᠧᠷ ᠪᠠ | ᠦᠢᠯᠡᠴᠢᠯᠡᠭᠡ ᠶᠢ ᠦᠨᠡᠯᠡᠭᠰᠡᠨ ᠦᠷ᠎ᠡ ᠳ᠋ᠦᠩ ᠵᠢᠴᠢ ᠲᠡᠷᠭᠡᠨ ᠤ ᠫᠠᠶᠢᠰᠠ ᠦᠨᠡᠮᠯᠡᠯ ᠵᠡᠷᠭᠡ ᠮᠡᠳᠡᠭᠡ ᠵᠠᠩᠭᠢ ᠶᠢ | ᠬᠠᠩᠭᠠᠨ᠎ᠠ᠃ | | ᠬᠤᠷᠢᠨ ᠨᠢᠭᠡᠳᠦᠭᠡᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠲᠣᠭᠲᠠᠭᠠᠯ | ᠶᠣᠰᠣᠭᠠᠷ ᠵᠣᠬᠢᠴᠠᠩᠭᠤᠢ ᠲᠦᠷᠢᠶᠡᠰᠦᠨ ᠮᠠᠰᠢᠨ ᠲᠡᠷᠭᠡᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ | ᠡᠵᠡᠩᠨᠡᠯᠲᠡ ᠶᠢᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠨ᠎ᠡ᠃ | |