︵ᠠᠷᠪᠠ︶ ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ
ᠨᠡᠶᠢᠲᠡᠯᠡᠭᠰᠡᠨ ᠴᠠᠭ᠄
2022/2/25
ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠠᠷᠪᠠ︶   ᠬᠤᠷᠢᠨ ᠬᠤᠶᠠᠳᠤᠭᠠᠷ ᠵᠦᠢᠯ   ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠪᠣᠯ ᠠᠶᠠᠨᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠦᠢᠯᠡᠴᠢᠯᠡᠭᠡ ᠶᠢ ᠦᠨᠡᠯᠡᠬᠦ ᠰᠢᠰᠲ᠋ᠧᠮ ᠪᠠ ᠠᠶᠠᠨᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠵᠢᠯᠣᠭᠤᠴᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠴᠤᠭᠯᠠᠭᠤᠯᠤᠨ ᠲᠡᠮᠳᠡᠭᠯᠡᠨ᠎ᠡ︔ ᠵᠠᠭᠠᠯᠳᠤᠯᠭ᠎ᠠ ᠶᠢ ᠰᠢᠢᠳᠪᠦᠷᠢᠯᠡᠬᠦ ᠲᠦᠷᠢᠮ ᠪᠠ ᠦᠢᠯᠡᠴᠢᠯᠡᠬᠡᠨ ᠤ ᠠᠮᠠᠯᠠᠯᠲᠠ ᠶᠢᠨ ᠶᠣᠰᠣᠭᠠᠷ ᠠᠶᠠᠨᠴᠢᠳ ᠤᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠣᠰ ᠭᠠᠵᠠᠷ ᠣᠷᠣᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ ᠶᠢᠨ ᠦᠢᠯᠡᠴᠢᠯᠡᠬᠡᠨ ᠤ ᠶᠠᠰᠤ ᠴᠢᠨᠠᠷ ᠤᠨ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃   ᠬᠤᠷᠢᠨ ᠭᠤᠷᠪᠠᠳᠤᠭᠠᠷ ᠵᠦᠢᠯ   ᠨᠢᠭᠡ ᠰᠦᠯᠵᠢᠶ᠎ᠡ ᠪᠠᠷ ᠪᠣᠯᠵᠣᠬᠤ ᠲᠡᠷᠭᠡ ᠨᠢ ᠬᠥᠯᠥᠨ ᠪᠤᠶᠢᠷ ᠬᠤᠲᠠ ᠳᠤ ᠵᠥᠪᠰᠢᠶᠡᠷᠡᠯ ᠣᠯᠤᠭᠰᠠᠨ ᠰᠦᠯᠵᠢᠶ᠎ᠡ ᠪᠠᠷ ᠪᠣᠯᠵᠣᠬᠤ ᠲᠡᠷᠭᠡ ᠶᠢᠨ ᠬᠡᠳᠦ ᠬᠡᠳᠦᠨ ᠲᠠᠪᠴᠠᠩ ᠳᠤ ᠵᠠᠯᠭᠠᠨ ᠤᠷᠤᠵᠤ ᠡᠵᠡᠩᠨᠡᠯᠲᠡ ᠬᠢᠵᠦ ᠪᠣᠯᠤᠨ᠎ᠠ᠂ ᠰᠦᠯᠵᠢᠶ᠎ᠡ ᠪᠠᠷ ᠪᠣᠯᠵᠣᠬᠤ ᠲᠡᠷᠭᠡ ᠶᠢᠨ ᠥᠮᠴᠢᠯᠡᠭᠴᠢ ᠨᠢ ᠲᠡᠷᠭᠡᠨ ᠤ ᠰᠦᠯᠵᠢᠶᠡᠨ ᠤ ᠦᠢᠯᠡᠴᠢᠯᠡᠬᠡᠨ ᠤ ᠲᠠᠪᠴᠠᠩ ᠢ ᠬᠤᠪᠢᠷᠠᠭᠤᠯᠵᠤ ᠪᠣᠯᠤᠨ᠎ᠠ᠃    ᠬᠤᠷᠢᠨ ᠳᠥᠷᠪᠡᠳᠦᠭᠡᠷ ᠵᠦᠢᠯ   ᠰᠦᠯᠵᠢᠶ᠎ᠡ ᠪᠠᠷ ᠪᠣᠯᠵᠣᠬᠤ ᠲᠡᠷᠭᠡ ᠬᠥᠰᠬᠡ ᠠᠶᠠᠨᠴᠢᠳ ᠵᠦᠬᠡᠭᠡᠪᠦᠷᠢᠯᠡᠵᠦ ᠪᠠᠶᠢᠬᠤ ᠳᠤ᠂ ᠵᠢᠯᠣᠭᠤᠴᠢ ᠳᠤ ᠤᠷᠢᠳᠴᠢᠯᠠᠨ ᠪᠤᠯᠵᠤᠬᠤ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠥᠬᠡᠶ︔ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡᠨ ᠤ ᠲᠤᠰᠬᠠᠶ ᠲᠡᠮᠳᠡᠭ ᠢ ᠬᠡᠷᠡᠭᠯᠡᠵᠦ ᠪᠣᠯᠬᠤ ᠦᠭᠡᠶ᠂ ᠲᠣᠭᠤᠷᠢᠨ ᠠᠶᠠᠯᠠᠵᠤ ᠵᠣᠴᠢᠨ ᠲᠠᠲᠠᠬᠤ ᠵᠢᠴᠢ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠶ᠃   ᠬᠤᠷᠢᠨ ᠲᠠᠪᠤᠳᠤᠭᠠᠷ ᠵᠦᠢᠯ  ᠰᠦᠯᠵᠢᠶ᠎ᠡ ᠪᠠᠷ ᠪᠣᠯᠵᠣᠬᠤ ᠲᠡᠷᠭᠡ ᠨᠢ ᠡᠵᠡᠩᠨᠡᠬᠦ ᠶᠢ ᠵᠥᠪᠰᠢᠶᠡᠷᠡᠭᠰᠡᠨ ᠣᠷᠣᠨ ᠪᠦᠰᠡ ᠶᠢᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠡᠷᠬᠢᠯᠡᠨ᠎ᠡ᠂ ᠡᠵᠡᠩᠨᠡᠬᠦ ᠶᠢ ᠵᠥᠪᠰᠢᠶᠡᠷᠡᠭᠰᠡᠨ ᠣᠷᠣᠨ ᠪᠦᠰᠡ ᠠᠴᠠ ᠳᠠᠪᠠᠭᠰᠠᠨ ᠪᠠᠶᠢᠪᠠᠯ᠂ ᠡᠬᠢᠯᠡᠯᠲᠡ ᠲᠡᠭᠦᠰᠬᠡᠯ ᠤᠨ ᠨᠢᠬᠡ ᠦᠵᠦᠭᠦᠷ ᠨᠢ ᠡᠵᠡᠩᠨᠡᠬᠦ ᠶᠢ ᠵᠥᠪᠰᠢᠶᠡᠷᠡᠭᠰᠡᠨ ᠣᠷᠣᠨ ᠪᠦᠰᠡ ᠶᠢᠨ ᠳᠣᠲᠣᠷ᠎ᠠ ᠪᠠᠶᠢᠬᠤ ᠬᠡᠷᠡᠭᠲᠡᠶ᠃   ᠬᠤᠷᠢᠨ ᠵᠢᠷᠭᠤᠳᠤᠭᠠᠷ ᠵᠦᠢᠯ   ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠤᠯᠤᠰ ᠪᠠ ᠬᠥᠯᠥᠨ ᠪᠤᠶᠢᠷ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠦᠨ᠎ᠡ ᠪᠣᠳᠣᠬᠤ ᠠᠷᠭ᠎ᠠ ᠮᠠᠶ᠋ᠢᠭ ᠢ ᠨᠡᠶᠢᠲᠡᠯᠡᠨ ᠲᠣᠭᠲᠠᠭᠠᠵᠤ᠂ ᠰᠦᠯᠵᠢᠶ᠎ᠡ ᠪᠠᠷ ᠪᠣᠯᠵᠣᠬᠤ ᠲᠡᠭᠡᠭᠡᠪᠦᠷᠢ ᠶᠢᠨ ᠦᠨ᠎ᠡ ᠶᠢ ᠵᠦᠢ ᠵᠣᠬᠢᠰᠲᠠᠶ ᠲᠣᠭᠲᠠᠭᠠᠵᠤ᠂ ᠦᠨ᠎ᠡ ᠬᠠᠩᠰᠢ ᠶᠢ ᠢᠯᠡ ᠬᠠᠳᠠᠬᠤ ᠶᠢ ᠬᠡᠷᠡᠭᠵᠢᠬᠦᠯᠵᠦ᠂ ᠶᠠᠮᠠᠷᠪᠠ ᠲᠣᠳᠣᠷᠬᠠᠶᠢᠯᠠᠭᠠᠳᠤᠶ ᠰᠦᠢᠳᠬᠡᠯ ᠢ ᠬᠤᠷᠢᠶᠠᠵᠤ ᠪᠣᠯᠬᠤ ᠦᠭᠡᠶ ᠪᠥᠭᠡᠳ ᠠᠶᠠᠨᠴᠢᠳ ᠲᠤ ᠵᠣᠬᠢᠴᠠᠩᠭᠤᠶ ᠬᠠᠤᠯᠢ ᠶᠣᠰᠣᠨ ᠤ ᠪᠠᠷᠢᠮᠲᠠ ᠬᠠᠩᠭᠠᠵᠤ ᠪᠤᠯᠤᠨ᠎ᠠ᠃ ᠲᠡᠭᠡᠭᠡᠪᠦᠷᠢ ᠶᠢᠨ ᠦᠨ᠎ᠡ ᠶᠢᠨ ᠳᠦᠷᠢᠮ ᠳᠤ ᠲᠣᠬᠢᠷᠠᠭᠤᠯᠤᠯᠲᠠ ᠬᠢᠬᠦ ᠳᠡᠭᠡᠨ᠂ 15 ᠡᠳᠦᠷ ᠤᠨ ᠡᠮᠦᠨ᠎ᠡ ᠨᠡᠶᠢᠭᠡᠮ ᠳᠤ ᠨᠡᠶᠢᠳᠡᠯᠡᠨ᠎ᠡ᠃ ᠰᠦᠯᠵᠢᠶ᠎ᠡ ᠪᠠᠷ ᠪᠣᠯᠵᠣᠬᠤ ᠲᠠᠪᠴᠠᠩ ᠤᠨ ᠺᠣᠮᠫᠠᠨᠢ ᠵᠠᠬ᠎ᠠ ᠳᠡᠯᠭᠡᠭᠦᠷ ᠤᠨ ᠲᠥᠪ ᠭᠤᠤᠯᠴᠢ ᠥᠷᠢᠰᠥᠯᠳᠦᠭᠡᠨ ᠢ ᠬᠠᠷᠰᠢᠯᠠᠵᠤ ᠪᠣᠯᠬᠤ ᠥᠬᠡᠶ᠂ ᠥᠷᠢᠰᠥᠯᠳᠦᠭᠴᠢ ᠡᠲᠡᠭᠡᠳ ᠢᠶᠠᠨ ᠵᠣᠷᠢᠭᠤᠳᠠ ᠭᠠᠳᠠᠭᠤᠷᠴᠢᠯᠠᠬᠤ ᠪᠤᠶᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠵᠦ ᠪᠣᠯᠬᠤ ᠥᠬᠡᠶ᠂ ᠥᠪᠡᠷ ᠤᠨ ᠥᠷᠲᠡᠭ ᠠᠴᠠ ᠳᠤᠤᠷ᠎ᠠ ᠦᠨ᠎ᠡ ᠪᠠᠷ ᠡᠵᠡᠩᠨᠡᠵᠦ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠮᠠᠭᠤᠷᠠᠭᠤᠯᠵᠤ᠂ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠪᠤᠶᠤ ᠠᠶᠠᠨᠴᠢᠳ ᠵᠢᠴᠢ ᠪᠤᠰᠤᠳ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ ᠵᠡᠷᠭᠡ ᠵᠦᠶ ᠪᠤᠰᠤ ᠦᠨ᠎ᠡ ᠬᠠᠩᠰᠢ ᠶᠢᠨ ᠦᠢᠯᠡ ᠠᠵᠢᠯᠯᠠᠭ᠎ᠠ ᠬᠢᠵᠦ ᠪᠣᠯᠬᠤ ᠥᠬᠡᠶ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠵᠦ ᠪᠣᠯᠬᠤ ᠥᠬᠡᠶ᠃ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠬᠠᠤᠯᠢ ᠶᠣᠰᠣᠭᠠᠷ ᠭᠠᠶᠢᠯᠢ ᠲᠤᠰᠢᠶᠠᠨ᠎ᠠ᠃   ᠬᠤᠷᠢᠨ ᠳᠣᠯᠣᠳᠤᠭᠠᠷ ᠵᠦᠢᠯ   ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠡᠵᠡᠩᠨᠡᠯᠲᠡ᠂ ᠰᠦᠯᠵᠢᠶ᠎ᠡ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠬᠠᠮᠢᠶᠠᠷᠤᠯᠲᠠ ᠶᠢ ᠴᠢᠩᠳᠠᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠪᠠ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯ ᠥᠷᠨᠢᠭᠦᠯᠬᠦ ᠶᠢ ᠳᠡᠮᠵᠢᠵᠦ ᠬᠠᠮᠵᠢᠯᠴᠠᠨ᠂ ᠠᠵᠢᠯ ᠲᠥᠷᠥᠯ ᠤᠨ ᠲᠣᠭᠲᠠᠭᠤᠨ ᠢ ᠬᠠᠮᠠᠭᠠᠯᠠᠨ᠎ᠠ᠃    ᠬᠤᠷᠢᠨ ᠨᠠᠢᠮᠠᠳᠤᠭᠠᠷ ᠵᠦᠢᠯ   ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠦᠢᠯᠡᠴᠢᠯᠡᠬᠡᠨ ᠤ ᠲᠠᠪᠴᠠᠩ ᠢᠶᠠᠷ ᠢᠶᠠᠨ ᠳᠠᠮᠵᠢᠭᠤᠯᠤᠨ ᠵᠢᠯᠣᠭᠤᠴᠢ᠂ ᠲᠡᠷᠭᠡ ᠪᠣᠯᠵᠣᠭᠰᠠᠨ ᠬᠥᠮᠦᠨ ᠪᠠ ᠠᠶᠠᠨᠴᠢᠨ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠵᠣᠷᠢᠯᠭ᠎ᠠ᠂ ᠠᠷᠭ᠎ᠠ ᠮᠠᠶ᠋ᠢᠭ ᠪᠠ ᠬᠦᠷᠢᠶ᠎ᠡ ᠬᠡᠪᠴᠢᠶ᠎ᠡ ᠶᠢ ᠮᠡᠳᠡᠭᠳᠡᠨ᠎ᠡ᠃ ᠮᠡᠳᠡᠭᠡ ᠵᠠᠩᠭᠢ ᠶᠢᠨ ᠭᠤᠤᠯ ᠴᠣᠭᠴᠠ ᠶᠢᠨ ᠵᠥᠪᠰᠢᠶᠡᠷᠡᠯ ᠥᠬᠡᠶ ᠪᠠᠷ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠡᠮᠦᠨ᠎ᠡ ᠳᠤᠷᠠᠳᠤᠭᠰᠠᠨ ᠬᠤᠪᠢ ᠬᠥᠮᠦᠨ ᠤ ᠮᠡᠳᠡᠭᠡ ᠵᠠᠩᠭᠢ ᠶᠢ ᠬᠡᠷᠡᠭᠯᠡᠨ ᠪᠤᠰᠤᠳ ᠲᠤᠬᠠᠶᠢᠯᠠᠭᠰᠠᠨ ᠠᠵᠢᠯ ᠥᠷᠨᠢᠭᠦᠯᠵᠦ ᠪᠣᠯᠬᠤ ᠥᠬᠡᠶ᠃ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠵᠢᠯᠣᠭᠤᠴᠢ᠂ ᠲᠡᠷᠭᠡ ᠪᠣᠯᠵᠣᠬᠤ ᠬᠥᠮᠦᠨ ᠪᠠ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠳᠠᠭᠠᠨ ᠰᠦᠯᠵᠢᠶ᠎ᠡ ᠪᠠᠷ ᠲᠡᠷᠭᠡ ᠪᠣᠯᠵᠣᠬᠤ ᠲᠤᠬᠠᠶᠢᠯᠠᠭᠰᠠᠨ ᠠᠵᠢᠯ ᠬᠠᠩᠭᠠᠬᠤ ᠳᠤ ᠵᠠᠪᠠᠯ ᠱᠠᠭᠠᠷᠳᠠᠭᠳᠠᠬᠤ ᠬᠦᠷᠢᠶ᠎ᠡ ᠬᠡᠪᠴᠢᠶ᠎ᠡ ᠠᠴᠠ ᠬᠡᠲᠦᠷᠡᠭᠦᠯᠵᠦ ᠪᠣᠯᠬᠤ ᠥᠬᠡᠶ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号