ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠠᠷᠪᠠᠨ ᠨᠢᠭᠡ︶ | ᠲᠥᠷᠥ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠤᠶᠤ | ᠡᠷᠡᠭᠦᠦ ᠶᠢᠨ ᠬᠡᠷᠡᠭ ᠤᠨ ᠴᠠᠭᠳᠠᠨ ᠪᠠᠶᠢᠴᠠᠭᠠᠬᠤ ᠡᠷᠬᠡ ᠶᠢ ᠬᠡᠷᠡᠭᠵᠢᠭᠦᠯᠬᠦ ᠳᠤ ᠬᠠᠮᠵᠢᠯᠴᠠᠬᠤ ᠠᠴᠠ ᠭᠠᠳᠠᠨ᠎ᠠ᠂ | ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ ᠶᠠᠮᠠᠷᠪᠠ ᠭᠤᠷᠪᠠᠳᠠᠬᠢ ᠡᠲᠡᠭᠡᠳ ᠲᠤ ᠵᠢᠯᠣᠭᠤᠴᠢ᠂ | ᠲᠡᠷᠭᠡ ᠪᠣᠯᠵᠣᠬᠤ ᠬᠥᠮᠦᠨ ᠪᠠ ᠠᠶᠠᠨᠴᠢᠳ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠬᠡᠷ ᠪᠦᠯᠢ ᠶᠢᠨ | ᠬᠠᠶ᠋ᠢᠭ᠂ ᠪᠠᠩᠬᠢ ᠶᠢᠨ ᠲᠠᠩᠰᠠᠨ ᠡᠷᠦᠬᠡ ᠪᠤᠶᠤ ᠲᠣᠭᠠᠴᠠᠭ᠎ᠠ ᠬᠢᠬᠦ ᠲᠠᠩᠰᠠᠨ ᠡᠷᠦᠬᠡ᠂ ᠭᠠᠵᠠᠷ ᠵᠦᠶ ᠶᠢᠨ ᠪᠠᠶᠢᠷᠢᠯᠠᠯ᠂ | ᠶᠠᠪᠤᠵᠤ ᠰᠠᠭᠤᠬᠤ ᠵᠠᠮ ᠱᠤᠭᠤᠮ ᠵᠡᠷᠭᠡ ᠬᠤᠪᠢ ᠬᠥᠮᠦᠨ ᠤ ᠮᠡᠳᠡᠭᠡ ᠵᠠᠩᠭᠢ ᠶᠢ ᠬᠠᠩᠭᠠᠵᠤ ᠪᠣᠯᠬᠤ ᠥᠬᠡᠶ᠂ | ᠭᠠᠵᠠᠷ ᠵᠦᠶ ᠶᠢᠨ ᠪᠠᠶᠢᠷᠢᠰᠢᠯ᠂ ᠭᠠᠵᠠᠷ ᠵᠦᠶ ᠶᠢᠨ ᠲᠡᠮᠳᠡᠭ ᠪᠣᠳᠠᠰ ᠵᠡᠷᠭᠡ ᠤᠯᠤᠰ ᠤᠨ ᠠᠮᠤᠷ ᠲᠦᠪᠰᠢᠨ ᠳᠤ | ᠬᠤᠯᠪᠣᠭᠳᠠᠭᠰᠠᠨ ᠰᠡᠷᠭᠡᠭ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠥᠬᠡᠶ᠃ ᠮᠡᠳᠡᠭᠡ ᠵᠠᠩᠭᠢ ᠵᠠᠳᠠᠷᠠᠭᠰᠠᠨ ᠤ | ᠳᠠᠷᠠᠭ᠎ᠠ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠴᠠᠭ ᠲᠤᠬᠠᠶ ᠳᠤᠨᠢ ᠬᠤᠯᠪᠣᠭᠳᠠᠯ ᠪᠥᠬᠦᠶ | ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠨᠦᠬᠦᠪᠦᠷᠢᠯᠡᠨ᠎ᠡ᠃ | | ᠬᠤᠷᠢ ᠶᠢᠰᠦᠳᠦᠭᠡᠷ ᠵᠦᠢᠯ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠤᠯᠤᠰ ᠤᠨ ᠲᠣᠣᠷ | ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ᠂ | ᠴᠤᠭᠯᠠᠭᠤᠯᠤᠭᠰᠠᠨ ᠬᠤᠯᠪᠣᠭᠳᠠᠯ ᠪᠦᠬᠦᠢ ᠬᠤᠪᠢ ᠬᠥᠮᠦᠨ ᠤ ᠮᠡᠳᠡᠭᠡ ᠵᠠᠩᠭᠢ ᠪᠠ ᠪᠤᠢ ᠪᠣᠯᠤᠭᠰᠠᠨ ᠲᠤᠬᠠᠶᠢᠯᠠᠭᠰᠠᠨ | ᠠᠵᠢᠯ ᠤᠨ ᠳ᠋ᠠᠶᠢᠲ᠋ᠠ ᠶᠢ ᠳᠤᠮᠳᠠᠳᠤ ᠤᠯᠤᠰ ᠤᠨ ᠳᠣᠲᠣᠷ᠎ᠠ ᠭᠠᠵᠠᠷ ᠲᠤ ᠬᠠᠳᠠᠭᠠᠯᠠᠬᠤ ᠪᠠ ᠬᠡᠷᠡᠭᠯᠡᠵᠦ᠂ ᠬᠠᠳᠠᠭᠠᠯᠠᠬᠤ | ᠬᠤᠭᠤᠴᠠᠭ᠎ᠠ ᠶᠢ 2 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠪᠠ | ᠳ᠋ᠠᠶᠢᠲ᠋ᠠ ᠶᠢ ᠭᠠᠳᠠᠭᠰᠢ ᠯᠡᠪᠡᠷᠡᠬᠦᠯᠵᠦ ᠪᠣᠯᠬᠤ ᠦᠭᠡᠢ᠃ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ | ᠦᠢᠯᠡᠴᠢᠯᠡᠬᠡᠨ ᠤ ᠲᠠᠪᠴᠠᠩ ᠢᠶᠠᠨ ᠠᠰᠢᠭᠯᠠᠨ ᠬᠠᠤᠯᠢ ᠴᠠᠭᠠᠵᠠ ᠬᠠᠤᠯᠢ ᠲᠣᠭᠲᠠᠭᠠᠯ ᠳᠤ ᠤᠯᠠᠮᠵᠢᠯᠠᠨ | ᠲᠠᠷᠬᠠᠭᠠᠬᠤ ᠶᠢ ᠴᠠᠭᠠᠵᠠᠯᠠᠭᠰᠠᠨ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠥᠬᠡᠶ᠂ ᠠᠵᠤ ᠠᠬᠤᠶᠢᠯᠠᠯ᠂ ᠬᠤᠪᠢ | ᠬᠥᠮᠦᠨ ᠵᠢᠴᠢ ᠪᠤᠰᠤᠳ ᠪᠦᠯᠬᠦᠮ᠂ ᠵᠣᠬᠢᠶᠠᠨ ᠪᠠᠶᠢᠭᠤᠯᠤᠯᠲᠠ ᠶᠢᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢ | ᠨᠡᠶᠢᠲᠡᠯᠡᠬᠦ ᠳᠤ ᠲᠥᠬᠦᠮ ᠦᠵᠡᠭᠦᠯᠵᠦ ᠪᠣᠯᠬᠤ ᠥᠬᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠬᠤᠤᠷ ᠬᠥᠨᠥᠭᠡᠯ ᠲᠠᠢ ᠮᠡᠳᠡᠭᠡ ᠵᠠᠩᠭᠢ ᠶᠢᠨ ᠤᠯᠠᠮᠵᠢᠯᠠᠨ ᠲᠠᠷᠬᠠᠬᠤ ᠶᠢ ᠱᠦᠭᠦᠵᠦ ᠲᠠᠰᠤᠯᠤᠨ᠎ᠠ᠃ ᠪᠤᠰᠤᠳ | ᠬᠥᠮᠦᠨ ᠤ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠠᠰᠢᠭᠯᠠᠨ ᠬᠤᠤᠷᠲᠤ ᠮᠡᠳᠡᠭᠡ ᠵᠠᠩᠭᠢ ᠶᠢ ᠤᠯᠠᠮᠵᠢᠯᠠᠨ | ᠲᠠᠷᠬᠠᠭᠠᠭᠰᠠᠨ ᠢ ᠣᠯᠵᠤ ᠮᠡᠳᠡᠪᠡᠯ᠂ ᠲᠡᠷᠡ ᠳᠠᠷᠤᠢ ᠳᠤᠨᠢ ᠳᠠᠮᠵᠢᠭᠤᠯᠬᠤ ᠪᠠᠨ ᠵᠣᠭᠰᠣᠭᠠᠵᠤ᠂ ᠬᠤᠯᠪᠣᠭᠳᠠᠯ ᠪᠦᠬᠦᠢ | ᠲᠡᠮᠳᠡᠭᠯᠡᠯ ᠢ ᠬᠠᠳᠠᠭᠠᠯᠠᠬᠤ ᠶᠢᠨ ᠬᠠᠮᠲᠤ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠳᠤ ᠮᠡᠳᠡᠬᠦᠯᠦᠨ᠎ᠡ᠃ | ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠤᠯᠤᠰ ᠤᠨ ᠠᠮᠤᠷ ᠲᠦᠪᠰᠢᠨ ᠤ ᠠᠵᠢᠯ ᠢ | ᠥᠷᠨᠢᠭᠦᠯᠬᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ᠂ ᠪᠠᠶᠢᠴᠠᠭᠠᠬᠤ ᠳᠤ ᠴᠢᠬᠤᠯᠠ | ᠪᠥᠬᠦᠶ ᠮᠡᠷᠭᠡᠵᠢᠯ ᠤᠨ ᠳᠡᠮᠵᠢᠯᠭᠡ ᠪᠠ ᠬᠠᠮᠵᠢᠯᠴᠠᠭ᠎ᠠ ᠬᠠᠩᠭᠠᠨ᠎ᠠ᠃ | | ᠭᠤᠴᠢᠳᠤᠭᠠᠷ ᠵᠦᠢᠯ ᠶᠠᠮᠠᠷᠪᠠ ᠠᠵᠤ ᠠᠬᠤᠶᠢᠯᠠᠯ ᠪᠣᠯᠤᠨ ᠬᠤᠪᠢ ᠬᠥᠮᠦᠨ ᠬᠠᠤᠯᠢ ᠶᠣᠰᠣᠨ ᠤ ᠬᠢᠷᠢ ᠬᠡᠮ | ᠣᠯᠤᠭᠠᠳᠤᠶ ᠲᠡᠷᠭᠡ᠂ ᠵᠢᠯᠣᠭᠤᠴᠢ ᠳᠤ ᠮᠡᠳᠡᠭᠡ ᠵᠠᠩᠭᠢ ᠶᠢ ᠵᠠᠯᠭᠠᠭᠤᠯᠤᠨ ᠰᠦᠯᠵᠢᠶ᠎ᠡ ᠪᠠᠷ ᠪᠣᠯᠵᠣᠬᠤ ᠲᠡᠷᠭᠡ | ᠡᠵᠡᠩᠨᠡᠬᠦ ᠦᠢᠯᠡᠴᠢᠯᠡᠭᠡ ᠦᠷᠨᠢᠬᠦᠯᠬᠦ ᠶᠢ ᠬᠠᠩᠭᠠᠵᠤ ᠪᠣᠯᠬᠤ ᠥᠬᠡᠶ᠃ ᠬᠤᠪᠢ ᠬᠥᠮᠦᠨ ᠤ ᠵᠢᠵᠢᠭ ᠰᠠᠭᠤᠳᠠᠯ ᠤᠨ | ᠮᠠᠰᠢᠨ ᠳᠤ ᠬᠠᠮᠲᠤᠷᠠᠨ ᠰᠠᠭᠤᠬᠤ ᠨᠡᠷ᠎ᠡ ᠪᠠᠷ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠵᠦ ᠪᠣᠯᠬᠤ ᠥᠬᠡᠶ᠃ | ᠰᠦᠯᠵᠢᠶ᠎ᠡ ᠪᠠᠷ ᠪᠣᠯᠵᠣᠬᠤ ᠲᠡᠷᠭᠡ ᠬᠥᠰᠬᠡ ᠪᠠ ᠵᠢᠯᠣᠭᠤᠴᠢ ᠡᠵᠡᠩᠨᠡᠯᠲᠡ ᠶᠢᠨ ᠵᠥᠪᠰᠢᠶᠡᠷᠡᠯ ᠣᠯᠤᠭᠰᠠᠨ ᠥᠬᠡᠶ | ᠰᠦᠯᠵᠢᠶᠡᠨ ᠦᠢᠯᠡᠴᠢᠯᠡᠬᠡᠨ ᠤ ᠲᠠᠪᠴᠠᠩ ᠢᠶᠠᠷ ᠳᠠᠮᠵᠢᠭᠤᠯᠤᠨ ᠡᠵᠡᠩᠨᠡᠯᠲᠡ ᠶᠢᠨ ᠦᠢᠯᠡᠴᠢᠯᠡᠭᠡ ᠥᠷᠨᠢᠭᠦᠯᠵᠦ ᠪᠣᠯᠬᠤ | ᠥᠬᠡᠶ᠃ | | ᠭᠤᠴᠢᠨ ᠨᠢᠭᠡᠳᠦᠭᠡᠷ ᠵᠦᠢᠯ ᠰᠦᠯᠵᠢᠶ᠎ᠡ ᠪᠠᠷ ᠲᠡᠷᠭᠡ ᠪᠣᠯᠵᠣᠬᠤ ᠦᠢᠯᠡᠴᠢᠯᠡᠭᠡ ᠬᠢᠬᠦ ᠵᠢᠯᠣᠭᠤᠴᠢ᠂ | ᠲᠡᠷᠭᠡᠨ ᠳᠡᠭᠡᠨ ᠲᠤᠰ ᠲᠡᠷᠭᠡᠨ ᠤ ᠪᠠᠨ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠲᠡᠭᠡᠭᠡᠪᠦᠷᠢ ᠶᠢᠨ ᠦᠨᠡᠮᠯᠡᠯ︾ ᠪᠠ ᠲᠤᠰ ᠬᠥᠮᠦᠨ ᠤ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠦᠨᠡᠮᠯᠡᠯ︾ ᠢᠶᠠᠨ ᠠᠪᠴᠤ ᠶᠠᠪᠤᠬᠤ ᠬᠡᠷᠡᠭᠲᠡᠶ᠂ ᠤᠯᠤᠰ᠂ ᠬᠥᠯᠥᠨ ᠪᠤᠶᠢᠷ ᠬᠤᠲᠠ ᠶᠢᠨ | ᠬᠤᠯᠪᠣᠭᠳᠠᠯ ᠪᠦᠬᠦᠢ ᠡᠵᠡᠩᠨᠡᠯᠲᠡ ᠶᠢᠨ ᠦᠢᠯᠡᠴᠢᠯᠡᠬᠡᠨ ᠤ ᠪᠠᠷᠢᠮᠵᠢᠶ᠎ᠠ ᠪᠠᠷ᠂ ᠪᠣᠯᠪᠠᠰᠤᠨ ᠬᠡᠯᠡᠯᠭᠡ ᠬᠡᠷᠡᠭᠯᠡᠵᠦ᠂ | ᠲᠡᠷᠭᠡᠨ ᠤ ᠭᠠᠳᠠᠷ ᠪᠠᠶᠢᠳᠠᠯ ᠪᠠ ᠲᠡᠷᠭᠡᠨ ᠳᠣᠲᠣᠷᠠᠬᠢ ᠠᠷᠢᠭᠤᠨ ᠴᠡᠪᠡᠷ ᠢ ᠪᠠᠲᠤᠯᠠᠵᠤ᠂ ᠵᠠᠮ ᠵᠠᠭᠤᠷ᠎ᠠ ᠵᠣᠴᠢᠨ ᠢᠶᠠᠨ | ᠤᠷᠬᠢᠬᠤ ᠪᠤᠶᠤ ᠵᠣᠷᠢᠭᠤᠳᠠ ᠲᠣᠭᠤᠷᠢᠵᠤ ᠶᠠᠪᠤᠵᠤ ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠵᠤ ᠪᠣᠯᠬᠤ ᠦᠭᠡᠶ᠂ ᠠᠶᠠᠨᠴᠢᠳ ᠢ ᠵᠦᠭᠡᠭᠡᠵᠦ ᠪᠠᠶᠢᠭ᠎ᠠ ᠪᠠᠶᠢᠳᠠᠯ ᠳᠤ ᠪᠤᠰᠤᠳ ᠤᠷᠢᠳᠴᠢᠯᠠᠨ ᠪᠤᠯᠵᠤᠬᠤ | ᠠᠵᠢᠯ ᠢ ᠳᠠᠭᠠᠭᠠᠨ ᠠᠪᠴᠤ ᠪᠣᠯᠬᠤ ᠦᠭᠡᠢ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠤᠶᠤ ᠦᠢᠯᠡᠴᠢᠯᠡᠭᠡ ᠳᠤ | ᠬᠠᠨᠤᠮᠵᠢ ᠦᠭᠡᠢ ᠦᠨᠡᠯᠡᠯᠲᠡ ᠬᠢᠭᠰᠡᠨ ᠠᠶᠠᠨᠴᠢᠳ ᠢ ᠢᠯᠡᠴᠢᠯᠡᠨ ᠮᠡᠳᠡᠬᠦᠯᠬᠦ᠂ ᠵᠠᠭᠠᠯᠳᠤᠬᠤ ᠵᠡᠷᠭᠡ ᠬᠠᠷᠢᠭᠤ ᠠᠪᠬᠤ | ᠠᠵᠢᠯᠯᠠᠭ᠎ᠠ ᠠᠪᠴᠤ ᠪᠤᠯᠬᠤ ᠦᠬᠡᠢ᠃ | | ᠭᠤᠴᠢᠨ ᠬᠤᠶᠠᠳᠤᠭᠠᠷ ᠵᠦᠢᠯ ᠰᠦᠯᠵᠢᠶ᠎ᠡ ᠪᠠᠷ ᠪᠣᠯᠵᠣᠬᠤ ᠲᠡᠷᠭᠡᠨ ᠤ ᠲᠠᠪᠴᠠᠩ ᠤᠨ ᠺᠣᠮᠫᠠᠨᠢ ᠶᠢᠨ | ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠨᠢ ᠴᠠᠬᠢᠯᠭᠠᠨ ᠢᠶᠠᠷ ᠳᠠᠭᠤᠳᠠᠨ ᠡᠵᠡᠩᠨᠡᠬᠦ ᠦᠢᠯᠡᠴᠢᠯᠡᠭᠡ ᠵᠠᠯᠭᠠᠨ | ᠡᠷᠬᠢᠯᠡᠬᠦ ᠶᠢ ᠵᠦᠪᠰᠢᠶᠡᠷᠡᠬᠦ ᠶᠢ ᠵᠤᠷᠢᠭᠵᠢᠭᠤᠯᠵᠤ᠂ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠨᠢ ᠢᠨᠲ᠋ᠧᠷ | ᠰᠦᠯᠵᠢᠶ᠎ᠡ ᠵᠡᠷᠭᠡ ᠴᠠᠬᠢᠯᠭᠠᠨ ᠢᠶᠠᠷ ᠳᠠᠭᠤᠳᠠᠬᠤ ᠦᠢᠯᠡᠴᠢᠯᠡᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ | ᠡᠵᠡᠩᠨᠡᠯᠲᠡ ᠶᠢᠨ ᠦᠢᠯᠡᠴᠢᠯᠡᠭᠡ ᠬᠠᠩᠭᠠᠬᠤ ᠦᠶᠡᠰ᠂ ᠲᠡᠭᠦᠨ ᠤ ᠬᠠᠮᠢᠶᠠᠷᠤᠯᠲᠠ ᠪᠠ ᠰᠦᠢᠳᠬᠡᠯ ᠬᠤᠷᠢᠶᠠᠬᠤ ᠶᠢ | ᠮᠥᠨ ᠬᠦ ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡ ᠶᠢᠨ ᠬᠠᠮᠢᠶᠠᠷᠤᠯᠲᠠ ᠶᠢᠨ ᠲᠣᠭᠲᠠᠭᠠᠯ ᠪᠠ | ᠲᠡᠭᠡᠭᠡᠪᠦᠷᠢ ᠶᠢᠨ ᠦᠨ᠎ᠡ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | |