ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠠᠷᠪᠠᠨ ᠬᠤᠶᠠᠷ︶ | | ᠵᠢᠷᠭᠤᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠬᠦᠯᠦᠨ᠎ᠡ᠃ ᠬᠠᠮᠲᠤ ᠪᠠᠷ ᠭᠥᠷᠳᠡᠬᠦ ᠮᠡᠳᠡᠭᠡ ᠵᠠᠩᠭᠢ ᠳᠤ ᠲᠡᠷᠭᠡ ᠬᠥᠰᠬᠡ | ᠪᠣᠯᠤᠨ ᠵᠢᠯᠣᠭᠤᠴᠢ ᠶᠢᠨ ᠦᠨᠳᠦᠰᠦᠨ ᠮᠡᠳᠡᠭᠡ ᠵᠠᠩᠭᠢ᠂ ᠡᠵᠡᠩᠨᠡᠯᠲᠡ ᠶᠢᠨ ᠲᠤᠭ᠎ᠠ ᠪᠠᠷᠢᠮᠲᠠ᠂ ᠦᠢᠯᠡᠴᠢᠯᠡᠭᠡᠨ ᠤ | ᠶᠠᠰᠤ ᠴᠢᠨᠠᠷ ᠵᠢᠴᠢ ᠠᠶᠠᠨᠴᠢᠳ ᠤᠨ ᠦᠨᠡᠯᠡᠯᠲᠡ ᠶᠢᠨ ᠮᠡᠳᠡᠭᠡ ᠵᠠᠩᠭᠢ ᠵᠡᠷᠭᠡ ᠶᠢ ᠪᠠᠭᠲᠠᠭᠠᠨ᠎ᠠ᠃ ᠡᠯ᠎ᠡ ᠱᠠᠲᠤᠨ ᠤ | ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠰᠦᠯᠵᠢᠶ᠎ᠡ ᠪᠠᠷ ᠪᠣᠯᠵᠣᠬᠤ ᠲᠡᠷᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠰᠦᠯᠵᠢᠶ᠎ᠡ ᠪᠠᠷ ᠪᠣᠯᠵᠣᠬᠤ ᠲᠡᠷᠭᠡ ᠶᠢᠨ ᠲᠠᠪᠴᠠᠩ ᠤᠨ ᠺᠣᠮᠫᠠᠨᠢ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ | ᠪᠣᠯᠤᠨ ᠵᠢᠯᠣᠭᠤᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠬᠢᠭᠡᠳ ᠦᠨᠡᠮᠯᠡᠯ ᠬᠢᠨᠠᠨ ᠣᠯᠭᠤᠬᠤ ᠬᠠᠮᠢᠶᠠᠷᠤᠯᠲᠠ ᠪᠠᠨ | ᠴᠢᠩᠭᠠᠳᠬᠠᠨ᠎ᠠ᠃ ᠰᠦᠯᠵᠢᠶ᠎ᠡ ᠪᠠᠷ ᠲᠡᠷᠭᠡ ᠪᠣᠯᠵᠣᠬᠤ ᠦᠢᠯᠡᠴᠢᠯᠡᠬᠡᠨ ᠤ ᠶᠠᠰᠤ ᠴᠢᠨᠠᠷ ᠢ ᠰᠢᠯᠭᠠᠨ ᠦᠨᠡᠯᠡᠬᠦ ᠶᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠲᠣᠰ ᠭᠠᠵᠠᠷ ᠣᠷᠣᠨ ᠤ | ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠦᠨᠳᠦᠰᠦᠨ ᠮᠡᠳᠡᠭᠡ ᠵᠠᠩᠭᠢ᠂ ᠦᠢᠯᠡᠴᠢᠯᠡᠬᠡᠨ ᠤ | ᠶᠠᠰᠤ ᠴᠢᠨᠠᠷ ᠢ ᠰᠢᠯᠭᠠᠨ ᠦᠨᠡᠯᠡᠭᠰᠡᠨ ᠦᠷ᠎ᠡ ᠳ᠋ᠦᠩ᠂ ᠠᠶᠠᠨᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠨ᠎ᠡ᠃ | | ᠭᠤᠴᠢᠨ ᠳᠥᠷᠪᠡᠳᠦᠭᠡᠷ ᠵᠦᠢᠯ ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠲᠤᠤᠷ | ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭ᠎ᠠ ᠶᠢᠨ ᠰᠠᠯᠠᠭ᠎ᠠ ᠮᠥᠴᠢᠷ ᠨᠢ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠬᠤ᠂ ᠬᠠᠳᠠᠭᠠᠯᠠᠬᠤ᠂ | ᠰᠢᠢᠳᠪᠦᠷᠢᠯᠡᠬᠦ ᠪᠠ ᠠᠰᠢᠭᠯᠠᠬᠤ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠬᠡᠨ ᠤ ᠬᠤᠯᠪᠣᠭᠳᠠᠯ | ᠪᠥᠬᠦᠶ ᠲᠣᠭᠲᠠᠭᠠᠯ ᠠᠴᠠ ᠵᠥᠷᠢᠴᠡᠨ᠂ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠬᠤ᠂ ᠰᠦᠯᠵᠢᠶ᠎ᠡ ᠪᠠᠷ ᠲᠡᠷᠭᠡ ᠪᠣᠯᠵᠣᠬᠤ ᠦᠢᠯᠡᠴᠢᠯᠡᠬᠡᠨ ᠤ ᠲᠠᠪᠴᠠᠩ ᠢ ᠬᠡᠷᠡᠭᠯᠡᠨ ᠮᠡᠳᠡᠭᠡ ᠵᠠᠩᠭᠢ | ᠨᠡᠶᠢᠲᠡᠯᠡᠬᠦ ᠪᠤᠶᠤ ᠠᠵᠤ ᠠᠬᠤᠶᠢᠯᠠᠯ᠂ ᠬᠤᠪᠢ ᠬᠥᠮᠦᠨ ᠵᠢᠴᠢ ᠪᠤᠰᠤᠳ ᠪᠦᠯᠬᠦᠮ ᠨᠡᠶᠢᠲᠡ ᠶᠢᠨ ᠵᠣᠬᠢᠶᠠᠨ | ᠪᠠᠶᠢᠭᠤᠯᠤᠯᠲᠠ ᠶᠢᠨ ᠬᠤᠤᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠬᠦ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠯᠦᠭᠡ ᠬᠠᠮᠵᠢᠯᠴᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠭᠡᠵᠦ ᠮᠠᠭᠠᠳᠯᠠᠨ | ᠲᠣᠭᠲᠠᠭᠠᠭᠰᠠᠨ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ | | | ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ | ᠮᠡᠳᠡᠭᠡ ᠵᠠᠩᠭᠢ ᠶᠢᠨ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠰᠦᠯᠵᠢᠶᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠠ ᠠᠮᠤᠷ ᠲᠦᠪᠰᠢᠨ ᠢ ᠬᠠᠮᠠᠭᠠᠯᠠᠬᠤ ᠮᠡᠷᠭᠡᠵᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠳᠡᠯᠪᠢᠨ ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ | ᠬᠤᠯᠪᠣᠭᠳᠠᠯ ᠪᠥᠬᠦᠶ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠦᠯᠵᠢᠶ᠎ᠡ ᠪᠠᠷ ᠲᠡᠷᠭᠡ ᠪᠣᠯᠵᠣᠬᠤ | ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠪᠠᠶᠢᠴᠠᠭᠠᠯᠲᠠ ᠬᠢᠵᠦ᠂ ᠵᠦᠶ ᠪᠤᠰᠤ | ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ︔ | ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠳᠤ | ᠬᠢᠨᠠᠯᠲᠠ ᠬᠠᠮᠢᠶᠠᠷᠤᠯᠲᠠ ᠬᠢᠵᠦ᠂ ᠦᠨ᠎ᠡ ᠬᠠᠩᠰᠢ ᠶᠢᠨ ᠮᠡᠬᠡᠯᠡᠯ ᠪᠠ ᠦᠨ᠎ᠡ ᠬᠠᠩᠰᠢ ᠶᠢ ᠭᠠᠭᠴᠠᠭᠠᠷ ᠡᠵᠡᠮᠰᠢᠬᠦ | ᠦᠢᠯᠡ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃ | | ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠭᠠᠶᠢᠯᠢ ᠶᠢᠨ ᠶᠠᠪᠤᠳᠠᠯ ᠪᠠ ᠠᠷᠠᠳ ᠤᠨ ᠪᠠᠩᠬᠢ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶ᠎ᠡ ᠪᠠᠷ ᠲᠡᠷᠭᠡ | ᠪᠣᠯᠵᠣᠬᠤ ᠡᠵᠡᠩᠨᠡᠯᠲᠡ ᠶᠢᠨ ᠠᠵᠢᠯᠯᠠᠭ᠎ᠠ ᠳᠤ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢ ᠬᠡᠷᠡᠭᠵᠢᠬᠦᠯᠦᠨ᠎ᠡ᠃ | | ᠭᠤᠴᠢᠨ ᠲᠠᠪᠤᠳᠤᠭᠠᠷ ᠵᠦᠢᠯ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠪᠠ ᠵᠢᠯᠣᠭᠤᠴᠢ ᠶᠢᠨ ᠢᠲᠡᠭᠡᠮᠵᠢ ᠶᠢᠨ | ᠲᠡᠮᠳᠡᠭᠯᠡᠯ ᠢ ᠪᠠᠶᠢᠭᠤᠯᠬᠤ ᠶᠢᠨ ᠬᠠᠮᠲᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠳᠤ | ᠤᠷᠤᠭᠤᠯᠤᠨ᠎ᠠ᠃ ᠡᠭᠦᠨ ᠤ ᠬᠠᠮᠲᠤ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ | ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠢᠯᠡ | ᠨᠡᠶᠢᠲᠡᠯᠡᠨ᠎ᠡ᠃ ᠲᠦᠷᠢᠶᠡᠰᠦᠨ ᠮᠠᠰᠢᠨ ᠲᠡᠷᠭᠡᠨ ᠤ ᠨᠡᠶᠢᠭᠡᠮᠯᠢᠭ ᠨᠢ ᠰᠦᠯᠵᠢᠶ᠎ᠡ ᠪᠠᠷ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠪᠣᠯᠤᠨ ᠵᠢᠯᠣᠭᠤᠴᠢ ᠶᠢᠨ ᠮᠠᠭᠤ ᠲᠡᠮᠳᠡᠭᠯᠡᠯ ᠤᠨ ᠨᠡᠷᠡᠰ ᠤᠨ ᠲᠦᠷᠢᠮ ᠢ ᠪᠠᠶᠢᠭᠤᠯᠵᠤ᠂ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ | |