ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠠᠷᠪᠠᠨ ᠭᠤᠷᠪᠠ︶ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠭᠤᠴᠢᠨ ᠵᠢᠷᠭᠤᠳᠤᠭᠠᠷ ᠵᠦᠢᠯ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠵᠢᠴᠢ | ᠵᠢᠯᠣᠭᠤᠴᠢ ᠨᠢ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠲᠣᠭᠲᠠᠭᠠᠯ︾ ︽ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠲᠦᠷᠢᠮ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠲᠣᠰ ᠭᠠᠵᠠᠷ ᠣᠷᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠬᠡᠨ ᠲᠤᠷᠭᠠᠨ᠎ᠠ᠃ | | | ᠭᠤᠴᠢᠨ ᠳᠣᠯᠣᠳᠤᠭᠠᠷ ᠵᠦᠢᠯ ᠬᠢᠨᠠᠨ ᠬᠠᠮᠢᠶᠠᠷᠬᠤ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠬᠠᠤᠯᠢ | ᠳᠦᠷᠢᠮ ᠠᠴᠠ ᠵᠥᠷᠢᠴᠡᠭᠰᠡᠨ ᠪᠤᠰᠤᠳ ᠠᠵᠢᠯᠯᠠᠭ᠎ᠠ ᠳᠤ ᠬᠥᠯᠥᠨ ᠪᠤᠶᠢᠷ ᠬᠤᠲᠠ᠂ ᠬᠤᠰᠢᠭᠤ ᠬᠤᠲᠠ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠲᠤᠤᠷ ᠰᠦᠯᠵᠢᠶᠡᠨ ᠤ | ᠮᠡᠳᠡᠭᠡ ᠵᠠᠩᠭᠢ᠂ ᠭᠠᠶᠢᠯᠢ ᠶᠢᠨ ᠶᠠᠪᠤᠳᠠᠯ᠂ ᠠᠷᠠᠳ ᠤᠨ ᠪᠠᠩᠬᠢ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠨᠢ | ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | |