︵ᠠᠷᠪᠠᠨ ᠭᠤᠷᠪᠠ︶ ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ
ᠨᠡᠶᠢᠲᠡᠯᠡᠭᠰᠡᠨ ᠴᠠᠭ᠄
2022/2/25
 ᠬᠥᠯᠥᠨ ᠪᠤᠶᠢᠷ ᠬᠤᠲᠠ ᠶᠢᠨ ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠠᠷᠪᠠᠨ ᠭᠤᠷᠪᠠ︶    ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ   ᠭᠤᠴᠢᠨ ᠵᠢᠷᠭᠤᠳᠤᠭᠠᠷ ᠵᠦᠢᠯ   ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠲᠠᠪᠴᠠᠩ ᠤᠨ ᠺᠣᠮᠫᠠᠨᠢ ᠵᠢᠴᠢ ᠵᠢᠯᠣᠭᠤᠴᠢ ᠨᠢ ︽ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠣᠭᠤᠷᠢᠨ ᠠᠶᠠᠯᠠᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠲᠣᠭᠲᠠᠭᠠᠯ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠲᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠲᠣᠰ ᠭᠠᠵᠠᠷ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠬᠡᠨ ᠲᠤᠷᠭᠠᠨ᠎ᠠ᠃   ᠭᠤᠴᠢᠨ ᠳᠣᠯᠣᠳᠤᠭᠠᠷ ᠵᠦᠢᠯ    ᠬᠢᠨᠠᠨ ᠬᠠᠮᠢᠶᠠᠷᠬᠤ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠬᠠᠤᠯᠢ ᠳᠦᠷᠢᠮ ᠠᠴᠠ ᠵᠥᠷᠢᠴᠡᠭᠰᠡᠨ ᠪᠤᠰᠤᠳ ᠠᠵᠢᠯᠯᠠᠭ᠎ᠠ ᠳᠤ ᠬᠥᠯᠥᠨ ᠪᠤᠶᠢᠷ ᠬᠤᠲᠠ᠂ ᠬᠤᠰᠢᠭᠤ ᠬᠤᠲᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠲᠤᠤᠷ ᠰᠦᠯᠵᠢᠶᠡᠨ ᠤ ᠮᠡᠳᠡᠭᠡ ᠵᠠᠩᠭᠢ᠂ ᠭᠠᠶᠢᠯᠢ ᠶᠢᠨ ᠶᠠᠪᠤᠳᠠᠯ᠂ ᠠᠷᠠᠳ ᠤᠨ ᠪᠠᠩᠬᠢ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ