ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠵᠢᠭᠤ ᠨᠣᠮᠯᠠᠯ ᠢ ᠰᠡᠷᠭᠡᠶᠢᠯᠡᠬᠦ ᠪᠠ ᠬᠤᠷᠢᠭᠯᠠᠬᠤ ᠤᠬᠠᠮᠰᠠᠷ | ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 22 ᠤᠨ ᠡᠳᠦᠷ᠂ | ᠰᠢᠶᠠᠩ ᠶᠠᠩ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ ᠴᠠᠭᠠᠨ ᠰᠠᠷ᠎ᠠ ᠶᠢᠨ ᠳᠠᠷᠠᠭᠠᠬᠢ | ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠲᠠᠢ ᠤᠶᠠᠯᠳᠤᠭᠤᠯᠤᠨ | ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠪᠣᠯᠪᠠᠰᠤᠨ ᠢ ᠬᠥᠭᠡᠭᠡᠴᠡᠯᠳᠦᠬᠦ᠂ | ᠰᠢᠨᠵᠢᠯᠡᠬᠦ ᠤᠬᠠᠭᠠᠨ ᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠴᠢᠷᠮᠠᠶᠢᠨ ᠪᠣᠶ ᠪᠣᠯᠭᠠᠪᠠ᠃ | | ᠰᠢᠩ ᠭᠤᠸᠠᠩ ᠨᠡᠶᠢᠭᠡᠮ ᠲᠣᠭᠤᠷᠢᠭ ᠤᠨ ᠺᠠᠳ᠋ᠷᠴᠤᠳ ᠠᠮᠠᠪᠴᠢ ᠵᠡᠭᠦᠵᠦ᠂ ᠡᠷᠦᠬᠡ ᠳᠤ ᠣᠷᠣᠵᠤ ᠭᠠᠵᠢᠭᠤ | ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠷ | ᠤᠭᠤᠲᠠ ᠲᠠᠷᠬᠠᠭᠠᠵᠤ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ︽ᠭᠠᠵᠢᠭᠤ ᠨᠣᠮᠯᠠᠯ᠂ ᠭᠠᠵᠢᠭᠤ ᠨᠣᠮᠯᠠᠯ ᠤᠨ ᠲᠥᠷᠥᠯ ᠵᠦᠢᠯ᠂ ᠭᠠᠵᠢᠭᠤ ᠨᠣᠮᠯᠠᠯ ᠤᠨ ᠬᠤᠣᠷ | ᠬᠥᠨᠥᠭᠡᠯ᠂ ᠭᠠᠵᠢᠭᠤ ᠨᠣᠮᠯᠠᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠭᠠᠵᠢᠭᠤ ᠨᠣᠮᠯᠠᠯ ᠢ | ᠬᠡᠷᠬᠢᠨ ᠡᠰᠡᠷᠭᠦᠴᠡᠬᠦ ᠪᠠ ᠬᠤᠷᠢᠭᠯᠠᠬᠤ︾ ᠲᠠᠪᠤᠨ ᠲᠠᠯ᠎ᠠ ᠠᠴᠠ ᠰᠠᠭᠤᠭᠠᠯᠢ ᠠᠷᠠᠳ ᠲᠤ ᠬᠦᠯᠢᠴᠡᠩᠭᠦᠶ ᠪᠠᠷ | ᠲᠠᠶᠢᠯᠪᠤᠷᠢᠯᠠᠨ ᠥᠭᠴᠦ᠂ ᠡᠭᠦᠨ ᠤ ᠬᠠᠮᠲᠤ ᠭᠠᠵᠢᠭᠤ ᠨᠣᠮᠯᠠᠯ ᠤᠨ ᠮᠥᠨ ᠴᠢᠨᠠᠷ᠂ ᠭᠠᠵᠢᠭᠤ ᠨᠣᠮᠯᠠᠯ ᠤᠨ | ᠤᠴᠠᠷᠠᠭᠤᠯᠤᠭᠰᠠᠨ ᠬᠤᠣᠷ ᠬᠥᠨᠥᠭᠡᠯ ᠤᠨ ᠲᠤᠬᠠᠶ᠂ ᠰᠠᠭᠤᠭᠠᠯᠢ ᠠᠷᠠᠳ ᠲᠤ ᠭᠠᠵᠢᠭᠤ ᠨᠣᠮᠯᠠᠯ ᠪᠣᠯᠤᠨ ᠱᠠᠰᠢᠨ | ᠰᠤᠷᠲᠠᠬᠤᠨ ᠤ ᠠᠳᠠᠯᠢ ᠪᠤᠰᠤ ᠵᠢᠴᠢ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠬᠡᠷᠬᠢᠨ ᠵᠥᠪ ᠢᠶᠠᠷ | ᠰᠡᠷᠭᠡᠶᠢᠯᠡᠬᠦ ᠶᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠪᠣᠯᠤᠨ ᠬᠤᠷᠢᠭᠯᠠᠬᠤ | ᠴᠢᠳᠠᠪᠤᠷᠢ ᠶᠢ ᠳᠡᠭᠡᠭᠰᠢᠯᠡᠭᠦᠯᠵᠡᠢ᠃ | | ᠲᠣᠰ ᠤᠳᠠᠭᠠᠨ ᠤ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠤᠬᠠᠭᠤᠯᠭ᠎ᠠ ᠶᠢᠨ ᠠᠵᠢᠯᠯᠠᠭ᠎ᠠ ᠪᠠᠷ | ᠳᠠᠮᠵᠢᠭᠤᠯᠤᠨ᠂ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠠᠭᠤᠭᠠᠯᠢ | ᠠᠷᠠᠳ ᠤᠨ ᠭᠠᠵᠢᠭᠤ ᠨᠣᠮᠯᠠᠯ ᠢ ᠰᠡᠷᠭᠡᠶᠢᠯᠡᠬᠦ ᠪᠠ ᠬᠤᠷᠢᠭᠯᠠᠬᠤ ᠴᠢᠳᠠᠪᠤᠷᠢ ᠶᠢ ᠨᠡᠮᠡᠭᠳᠡᠭᠦᠯᠦᠨ᠂ ᠪᠥᠬᠦ ᠬᠠᠷᠢᠶ᠎ᠠ | ᠣᠷᠣᠨ ᠳᠤ ︽ᠰᠢᠨᠵᠢᠯᠡᠬᠦ ᠤᠬᠠᠭᠠᠨ ᠢ ᠡᠷᠬᠢᠮᠯᠡᠵᠦ᠂ ᠭᠠᠵᠢᠭᠤ ᠨᠣᠮᠯᠠᠯ ᠢ ᠡᠰᠡᠷᠭᠦᠴᠡᠬᠦ︾ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠪᠠ᠃ | |