ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠵᠢᠭᠤ ᠨᠣᠮᠯᠠᠯ ᠢ ᠰᠡᠷᠭᠡᠶᠢᠯᠡᠬᠦ ᠪᠠ ᠬᠤᠷᠢᠭᠯᠠᠬᠤ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 22 ᠤᠨ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ ᠴᠠᠭᠠᠨ | ᠰᠠᠷ᠎ᠠ ᠶᠢᠨ ᠳᠠᠷᠠᠭᠠᠬᠢ ᠬᠠᠷᠢᠶᠠᠲᠤ ᠣᠷᠣᠨ ᠤ ᠠᠮᠤᠷ ᠢ ᠬᠠᠮᠠᠭᠠᠯᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠲᠠᠢ ᠤᠶᠠᠯᠳᠤᠭᠤᠯᠤᠨ ᠭᠠᠵᠢᠭᠤ ᠨᠣᠮᠯᠠᠯ ᠢ | ᠡᠰᠡᠷᠭᠦᠴᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠪᠣᠯᠪᠠᠰᠤᠨ ᠢ ᠬᠥᠭᠡᠭᠡᠴᠡᠯᠳᠦᠬᠦ᠂ ᠰᠢᠨᠵᠢᠯᠡᠬᠦ ᠤᠬᠠᠭᠠᠨ ᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ | ᠴᠢᠷᠮᠠᠶᠢᠨ ᠪᠣᠶ ᠪᠣᠯᠭᠠᠪᠠ᠃ | | ᠰᠢᠩ ᠭᠤᠸᠠᠩ ᠨᠡᠶᠢᠭᠡᠮ ᠲᠣᠭᠤᠷᠢᠭ ᠤᠨ ᠺᠠᠳ᠋ᠷᠴᠤᠳ ᠠᠮᠠᠪᠴᠢ ᠵᠡᠭᠦᠵᠦ᠂ ᠡᠷᠦᠬᠡ ᠳᠤ ᠣᠷᠣᠵᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ | ᠮᠠᠲ᠋ᠧᠷᠢᠶᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠷ ᠤᠭᠤᠲᠠ ᠲᠠᠷᠬᠠᠭᠠᠵᠤ᠂ ᠡᠳᠦᠷ ᠲᠤᠲᠤᠮ ᠤᠨ ᠠᠮᠢᠳᠤᠷᠠᠯ ᠳᠤᠮᠳᠠᠬᠢ ᠨᠡᠶᠢᠲᠡᠯᠢᠭ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ︽ᠭᠠᠵᠢᠭᠤ ᠨᠣᠮᠯᠠᠯ᠂ ᠭᠠᠵᠢᠭᠤ ᠨᠣᠮᠯᠠᠯ ᠤᠨ ᠲᠥᠷᠥᠯ ᠵᠦᠢᠯ᠂ ᠭᠠᠵᠢᠭᠤ ᠨᠣᠮᠯᠠᠯ ᠤᠨ ᠬᠤᠣᠷ ᠬᠥᠨᠥᠭᠡᠯ᠂ ᠭᠠᠵᠢᠭᠤ ᠨᠣᠮᠯᠠᠯ ᠳᠤ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠭᠠᠵᠢᠭᠤ ᠨᠣᠮᠯᠠᠯ ᠢ ᠬᠡᠷᠬᠢᠨ ᠡᠰᠡᠷᠭᠦᠴᠡᠬᠦ ᠪᠠ ᠬᠤᠷᠢᠭᠯᠠᠬᠤ︾ ᠲᠠᠪᠤᠨ ᠲᠠᠯ᠎ᠠ ᠠᠴᠠ ᠰᠠᠭᠤᠭᠠᠯᠢ ᠠᠷᠠᠳ ᠲᠤ | ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠡᠭᠦᠨ ᠤ ᠬᠠᠮᠲᠤ ᠭᠠᠵᠢᠭᠤ ᠨᠣᠮᠯᠠᠯ ᠤᠨ ᠮᠥᠨ ᠴᠢᠨᠠᠷ᠂ ᠭᠠᠵᠢᠭᠤ ᠨᠣᠮᠯᠠᠯ ᠤᠨ ᠤᠴᠠᠷᠠᠭᠤᠯᠤᠭᠰᠠᠨ ᠬᠤᠣᠷ | ᠬᠥᠨᠥᠭᠡᠯ ᠤᠨ ᠲᠤᠬᠠᠶ᠂ ᠰᠠᠭᠤᠭᠠᠯᠢ ᠠᠷᠠᠳ ᠲᠤ ᠭᠠᠵᠢᠭᠤ ᠨᠣᠮᠯᠠᠯ ᠪᠣᠯᠤᠨ ᠱᠠᠰᠢᠨ ᠰᠤᠷᠲᠠᠬᠤᠨ ᠤ ᠠᠳᠠᠯᠢ ᠪᠤᠰᠤ ᠵᠢᠴᠢ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠶᠢ ᠬᠡᠷᠬᠢᠨ ᠵᠥᠪ ᠢᠶᠠᠷ ᠰᠡᠷᠭᠡᠶᠢᠯᠡᠬᠦ ᠶᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠪᠣᠯᠤᠨ ᠬᠤᠷᠢᠭᠯᠠᠬᠤ ᠴᠢᠳᠠᠪᠤᠷᠢ ᠶᠢ | ᠳᠡᠭᠡᠭᠰᠢᠯᠡᠭᠦᠯᠵᠡᠢ᠃ | | ᠲᠣᠰ ᠤᠳᠠᠭᠠᠨ ᠤ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠰᠡᠷᠭᠡᠶᠢᠯᠡᠬᠦ | ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠠᠵᠢᠭᠤ ᠨᠣᠮᠯᠠᠯ ᠢ ᠰᠡᠷᠭᠡᠶᠢᠯᠡᠬᠦ ᠪᠠ ᠬᠤᠷᠢᠭᠯᠠᠬᠤ ᠴᠢᠳᠠᠪᠤᠷᠢ ᠶᠢ ᠨᠡᠮᠡᠭᠳᠡᠭᠦᠯᠦᠨ᠂ | ᠪᠥᠬᠦ ᠬᠠᠷᠢᠶ᠎ᠠ ᠣᠷᠣᠨ ᠳᠤ ︽ᠰᠢᠨᠵᠢᠯᠡᠬᠦ ᠤᠬᠠᠭᠠᠨ ᠢ ᠡᠷᠬᠢᠮᠯᠡᠵᠦ᠂ ᠭᠠᠵᠢᠭᠤ ᠨᠣᠮᠯᠠᠯ ᠢ ᠡᠰᠡᠷᠭᠦᠴᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | |