2 ᠰᠠᠷ᠎ᠠ ᠶᠢᠨ 7 ᠤ ᠡᠳᠦᠷ᠂ ᠰᠢᠶᠠᠩ ᠶᠠᠩ ᠵᠡᠭᠡᠯᠢ ᠭᠤᠳᠤᠮᠵᠢ ᠶᠢᠨ ᠳ᠋ᠦᠩ ᠹᠠᠩ ᠬᠤᠩ ᠨᠡᠶᠢᠭᠡᠮ ᠲᠣᠭᠤᠷᠢᠭ ᠤᠨ ᠱᠦᠵᠢ ᠯᠢᠦ ᠰᠢᠶᠤᠤ ᠫᠢᠩ | ᠨᠥᠬᠦᠷ ᠨᠡᠶᠢᠭᠡᠮ ᠲᠣᠭᠤᠷᠢᠭ ᠤᠨ ᠪᠥᠬᠦ ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠠᠷ ᠤᠨ ᠡᠳᠦᠷ ᠤᠨ ᠳᠠᠷᠠᠭᠠᠬᠢ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ᠠᠵᠢᠯ ᠳᠤ ᠨᠠᠷᠢᠨ | ᠨᠢᠭᠲᠠ ᠳᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠠᠵᠢᠯ ᠤᠨ ᠪᠠᠶᠢᠳᠠᠯ ᠢᠶᠠᠨ ᠦᠳᠲᠡᠷ ᠲᠦᠷᠭᠡᠨ ᠳᠤᠬᠢᠷᠠᠭᠤᠯᠵᠤ᠂ ᠴᠣ ᠰᠢᠨ᠎ᠡ ᠤᠶᠤᠨ ᠰᠠᠨᠠᠭᠠᠨ ᠤ | ᠳᠦᠷᠰᠦ ᠪᠠᠶᠢᠳᠠᠯ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ 2022 ᠣᠨ ᠤ ᠨᠡᠶᠢᠭᠡᠮ | ᠲᠣᠭᠤᠷᠢᠭ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠣᠢᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯᠭᠦᠶ ᠦᠢᠯᠡᠳᠪᠦᠷᠢᠯᠡᠯ᠂ ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ᠂ | ᠤᠬᠠᠭᠤᠯᠭ᠎ᠠ ᠵᠡᠷᠭᠡ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠶ᠃ ᠤᠯᠠᠨ ᠢᠶᠠᠷ ᠢᠶᠠᠨ ᠡᠷᠬᠡᠪᠰᠢ ᠦᠵᠡᠯ ᠰᠠᠨᠠᠭ᠎ᠠ ᠪᠠᠨ ᠤᠯᠠᠮ | ᠴᠢᠩᠭᠠᠷᠠᠭᠤᠯᠵᠤ᠂ ᠦᠢᠯᠡ ᠠᠵᠢᠯᠯᠠᠭ᠎ᠠ ᠪᠠᠨ ᠤᠯᠠᠮ ᠪᠣᠳᠠᠲᠠᠶᠢᠵᠢᠭᠤᠯᠵᠤ᠂ ᠬᠠᠮᠢᠶᠠᠷᠤᠯᠲᠠ ᠪᠠᠨ ᠤᠯᠠᠮ ᠴᠢᠩᠳᠠᠯᠠᠵᠤ᠂ ᠬᠥᠮᠦᠨ ᠨᠢ ᠠᠵᠢᠯ ᠤᠨ ᠪᠠᠶᠢᠷᠢ ᠳᠠᠭᠠᠨ | ᠪᠠᠶᠢᠪᠠᠯ ᠰᠡᠳᠬᠢᠯ ᠨᠢ ᠠᠵᠢᠯ ᠤᠨ ᠪᠠᠶᠢᠷᠢ ᠳᠠᠭᠠᠨ ᠪᠠᠶᠢᠵᠤ᠂ ᠡᠯ᠎ᠡ ᠠᠵᠢᠯ ᠲᠦᠷᠦᠯ ᠤᠨ ᠬᠢᠨ ᠤ ᠠᠵᠢᠯ ᠢᠶᠠᠨ ᠤᠷᠢᠳᠴᠢᠯᠠᠨ ᠪᠡᠯᠡᠳᠬᠡᠵᠦ᠂ ᠬᠠᠷᠠᠯᠲᠠ ᠪᠠᠨ | ᠲᠣᠳᠣᠷᠬᠠᠶᠢᠯᠠᠵᠤ᠂ ᠬᠠᠮᠤᠭ ᠤᠨ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ᠂ ᠰᠠᠶᠢᠨ ᠰᠠᠶᠢᠬᠠᠨ ᠠᠵᠢᠯ ᠤᠨ ᠰᠤᠷᠲᠠᠯ ᠢᠶᠠᠷ ᠬᠠᠷᠢᠶ᠎ᠠ ᠣᠷᠣᠨ ᠤ ᠪᠠᠨ | ᠰᠠᠭᠤᠭᠠᠯᠢ ᠠᠷᠠᠳ ᠲᠤ ᠰᠢᠯᠢᠳᠡᠭ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | | ᠲᠣᠰ ᠤᠳᠠᠭᠠᠨ ᠤ ᠬᠤᠷᠠᠯ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠠᠵᠢᠯᠲᠠᠳ ᠲᠣᠰ ᠵᠢᠯ ᠤᠨ ᠠᠵᠢᠯ ᠤᠨ ᠴᠢᠭᠯᠡᠯ ᠪᠠ ᠬᠠᠷᠠᠯᠲᠠ ᠪᠠᠨ ᠤᠯᠠᠮ ᠨᠢᠭᠡ | ᠠᠯᠬᠤᠮ ᠲᠣᠳᠣᠷᠬᠠᠶ ᠪᠣᠯᠭᠠᠵᠤ᠂ ᠠᠵᠢᠯ ᠤᠨ ᠭᠤᠤᠯᠳᠠᠯᠭ᠎ᠠ ᠪᠠᠨ ᠣᠨᠣᠪᠴᠢᠲᠠᠶ ᠡᠷᠢᠨ ᠣᠯᠵᠤ᠂ ᠦᠵᠡᠯ ᠰᠠᠨᠠᠭ᠎ᠠ ᠪᠠᠨ ᠪᠦᠯᠬᠦᠮᠳᠡᠭᠦᠯᠦᠨ᠂ 2022 ᠣᠨ ᠤ | ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠬᠦ ᠬᠡᠷᠡᠭᠲᠡᠶ | ᠃ | |