2 ᠰᠠᠷ᠎ᠠ ᠶᠢᠨ 8 ᠤ ᠡᠳᠦᠷ᠂ ᠾᠧ ᠰᠢ ᠵᠡᠭᠡᠯᠢ ᠭᠤᠳᠤᠮᠵᠢ ᠪᠠᠶᠠᠷ ᠤᠨ ᠳᠠᠷᠠᠭᠠᠬᠢ | ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠺᠠᠳ᠋ᠷ᠂ ᠡᠯ᠎ᠡ | ᠲᠣᠰᠬᠤᠨ ᠤ ᠰᠠᠭᠤᠭᠠᠯᠢ ᠠᠷᠠᠳ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠦᠨ ᠳ᠋ᠧ ᠸᠧᠢ ᠬᠤᠷᠠᠯ ᠢ ᠡᠷᠬᠢᠯᠡᠪᠡ᠃ | | ᠬᠤᠷᠠᠯ ᠳᠡᠭᠡᠷ᠎ᠡ᠂ ᠰᠦᠨ ᠳ᠋ᠧ ᠸᠧᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ | ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠪᠠᠲᠣᠯᠠᠬᠤ ᠵᠡᠷᠭᠡ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠺᠠᠳ᠋ᠷ ᠠᠵᠢᠯᠳᠠᠨ ᠢ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ᠂ | ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠴᠢᠩᠭ᠎ᠠ ᠬᠢᠨᠠᠮᠠᠭᠠᠢ ᠠᠵᠢᠯ ᠤᠨ ᠰᠤᠷᠲᠠᠯ ᠢᠶᠠᠷ ᠰᠢᠨ᠎ᠡ | ᠨᠢᠭᠡ ᠵᠢᠯ ᠤᠨ ᠠᠵᠢᠯ ᠳᠠᠭᠠᠨ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ 2022 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠤᠷᠢᠶᠠᠯᠠᠪᠠ᠃ | | ᠬᠤᠷᠠᠯ ᠠᠴᠠ᠂ ᠨᠢᠭᠡ ᠳᠤ᠂ ᠰᠡᠳᠬᠢᠯ ᠰᠠᠨᠠᠭ᠎ᠠ ᠪᠠᠨ ᠬᠤᠷᠢᠶᠠᠵᠤ᠂ ᠠᠵᠢᠯ ᠤᠨ ᠪᠠᠶᠢᠳᠠᠯ ᠳᠠᠭᠠᠨ ᠲᠦᠷᠭᠡᠨ | ᠣᠷᠣᠵᠤ᠂ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠶᠣᠰᠣ ᠲᠦᠷᠢᠮ ᠤᠨ ᠤᠬᠠᠮᠰᠠᠷ | ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠨᠤᠲᠤᠭ ᠲᠠᠭᠠᠨ ᠪᠤᠴᠠᠭᠰᠠᠳ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠪᠣᠳᠠᠲᠠᠢ ᠠᠳᠬᠤᠵᠤ᠂ ᠡᠯ᠎ᠡ ᠵᠦᠢᠯ ᠤᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠰᠢᠨ᠎ᠡ ᠸᠠᠺᠼᠢᠨ ᠤ | ᠲᠠᠷᠢᠯᠭ᠎ᠠ ᠶᠢ ᠦᠷᠭᠦᠯᠵᠢᠯᠡᠨ ᠠᠬᠢᠭᠤᠯᠵᠤ᠂ 3 — 11 ᠨᠠᠰᠤ᠂ 60 ᠨᠠᠰᠤᠨ ᠠᠴᠠ ᠳᠡᠭᠡᠭᠰᠢᠬᠢ ᠬᠥᠮᠦᠰ ᠢ | ᠢᠳᠡᠪᠬᠢᠲᠡᠶ ᠳᠠᠶᠢᠴᠢᠯᠠᠨ ᠸᠠᠺᠼᠢᠨ ᠤ ᠲᠠᠷᠢᠯᠭ᠎ᠠ ᠬᠢᠯᠭᠡᠵᠦ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ︔ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠣᠳᠠᠲᠤ ᠲᠡᠶᠢᠨ ᠤ | ᠪᠣᠯᠪᠠᠰᠤᠷᠠᠭᠤᠯᠤᠯ ᠤᠨ ᠭᠠᠷ ᠳᠡᠪᠲᠡᠷ︾ ᠢ ᠭᠦᠢᠴᠡᠳ ᠠᠰᠢᠭᠯᠠᠨ᠂ ᠲᠥᠪᠯᠡᠷᠡᠭᠦᠯᠦᠨ ᠰᠤᠷᠤᠯᠴᠠᠬᠤ᠂ ᠬᠤᠪᠢ | ᠬᠥᠮᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠷᠮᠠᠶᠢᠨ ᠰᠤᠷᠤᠯᠴᠠᠵᠤ᠂ ᠣᠶᠤᠨ | ᠲᠠᠷᠢᠬᠢᠨ ᠳᠤᠨᠢ ᠬᠠᠳᠠᠩᠰᠢᠭᠤᠯᠤᠨ ᠰᠡᠳᠬᠢᠯ ᠳᠤᠨᠢ ᠬᠠᠳᠠᠩᠰᠢᠭᠤᠯᠵᠤ᠂ ᠰᠣᠷᠢᠯᠲᠠ ᠶᠢ ᠣᠨᠣᠪᠴᠢᠲᠠᠶ ᠪᠥᠭᠡᠳ | ᠪᠣᠳᠠᠲᠠᠶᠢᠵᠢᠭᠤᠯᠤᠨ᠎ᠠ᠃ ᠭᠤᠷᠪᠠ ᠳᠤ᠂ ᠤᠯᠠᠭᠠᠨ ᠱᠤᠭᠤᠮ ᠢ ᠴᠢᠩᠭ᠎ᠠ ᠰᠠᠬᠢᠵᠤ᠂ ᠴᠢᠬᠤᠯᠠ ᠵᠠᠩᠭᠢᠯᠠᠭ᠎ᠠ ᠶᠢᠨ | ᠦᠶ᠎ᠡ ᠶᠢᠨ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ | ᠰᠠᠶᠢᠲᠤᠷ ᠬᠢᠵᠦ᠂ ᠤᠳᠤᠷᠢᠳᠤᠯᠭ᠎ᠠ ᠶᠢᠨ ᠬᠡᠰᠡᠭ ᠢ ᠳᠠᠭᠠᠭᠠᠴᠢᠯᠠᠬᠤ᠂ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ | ᠲᠦᠷᠢᠮ ᠢ ᠤᠯᠠᠮ ᠴᠢᠨᠠᠭᠰᠢᠳᠠ ᠪᠠᠲᠤᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠨᠠᠷᠢᠨ ᠬᠢᠨᠠᠮᠠᠭᠠᠢ ᠪᠠᠶᠢᠴᠠᠭᠠᠨ ᠡᠮᠬᠢᠯᠡᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠥᠮᠦᠰ ᠤᠨ | ᠲᠣᠭᠲᠠᠭᠤᠨ ᠢ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | | ᠬᠤᠷᠠᠯ ᠠᠴᠠ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠢ ᠰᠢᠯᠵᠢᠭᠦᠯᠦᠨ ᠰᠢᠢᠳᠪᠦᠷᠢᠯᠡᠬᠦ | ᠵᠡᠷᠭᠡ ᠤᠴᠢᠷ ᠶᠠᠪᠤᠳᠠᠯ ᠢ ᠰᠤᠳᠤᠯᠵᠠᠶ᠃ |