2 ᠰᠠᠷ᠎ᠠ ᠶᠢᠨ 8 ᠤ ᠡᠳᠦᠷ᠂ ᠾᠧ ᠰᠢ ᠵᠡᠭᠡᠯᠢ ᠭᠤᠳᠤᠮᠵᠢ ᠪᠠᠶᠠᠷ ᠤᠨ ᠳᠠᠷᠠᠭᠠᠬᠢ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ | ᠪᠠᠶᠢᠭᠤᠯᠤᠯᠭ᠎ᠠ ᠶᠢᠨ ᠺᠠᠳ᠋ᠷ᠂ ᠡᠯ᠎ᠡ ᠲᠣᠰᠬᠤᠨ ᠤ ᠰᠠᠭᠤᠭᠠᠯᠢ ᠠᠷᠠᠳ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠰᠦᠨ ᠳ᠋ᠧ ᠸᠧᠢ ᠬᠤᠷᠠᠯ ᠢ ᠡᠷᠬᠢᠯᠡᠪᠡ᠃ | | ᠬᠤᠷᠠᠯ ᠳᠡᠭᠡᠷ᠎ᠡ᠂ ᠰᠦᠨ ᠳ᠋ᠧ ᠸᠧᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠪᠠᠲᠣᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠬᠦ ᠺᠠᠳ᠋ᠷ ᠠᠵᠢᠯᠳᠠᠨ ᠢ ᠴᠣ᠋ ᠰᠢᠨ᠎ᠡ ᠤᠶᠤᠨ ᠰᠠᠨᠠᠭᠠᠨ ᠤ | ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠴᠢᠩᠭ᠎ᠠ ᠬᠢᠨᠠᠮᠠᠭᠠᠢ ᠠᠵᠢᠯ ᠤᠨ ᠰᠤᠷᠲᠠᠯ ᠢᠶᠠᠷ ᠰᠢᠨ᠎ᠡ ᠨᠢᠭᠡ ᠵᠢᠯ ᠤᠨ | ᠠᠵᠢᠯ ᠳᠠᠭᠠᠨ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ 2022 ᠣᠨ ᠤ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠤᠷᠢᠶᠠᠯᠠᠪᠠ᠃ | | ᠬᠤᠷᠠᠯ ᠠᠴᠠ᠂ ᠨᠢᠭᠡ ᠳᠤ᠂ ᠰᠡᠳᠬᠢᠯ ᠰᠠᠨᠠᠭ᠎ᠠ ᠪᠠᠨ ᠬᠤᠷᠢᠶᠠᠵᠤ᠂ ᠠᠵᠢᠯ ᠤᠨ ᠪᠠᠶᠢᠳᠠᠯ ᠳᠠᠭᠠᠨ ᠲᠦᠷᠭᠡᠨ ᠣᠷᠣᠵᠤ᠂ ᠡᠯ᠎ᠡ ᠵᠦᠢᠯ ᠤᠨ ᠠᠵᠢᠯ ᠤᠨ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠵᠤ᠂ ᠶᠣᠰᠣ ᠲᠦᠷᠢᠮ ᠤᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠨᠤᠲᠤᠭ ᠲᠠᠭᠠᠨ ᠪᠤᠴᠠᠭᠰᠠᠳ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠪᠣᠳᠠᠲᠠᠢ ᠠᠳᠬᠤᠵᠤ᠂ | ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠰᠢᠨ᠎ᠡ ᠸᠠᠺᠼᠢᠨ ᠤ ᠲᠠᠷᠢᠯᠭ᠎ᠠ ᠶᠢ ᠦᠷᠭᠦᠯᠵᠢᠯᠡᠨ | ᠠᠬᠢᠭᠤᠯᠵᠤ᠂ 3 — 11 ᠨᠠᠰᠤ᠂ 60 ᠨᠠᠰᠤᠨ ᠠᠴᠠ ᠳᠡᠭᠡᠭᠰᠢᠬᠢ ᠬᠥᠮᠦᠰ ᠢ ᠢᠳᠡᠪᠬᠢᠲᠡᠶ ᠳᠠᠶᠢᠴᠢᠯᠠᠨ ᠸᠠᠺᠼᠢᠨ ᠤ ᠲᠠᠷᠢᠯᠭ᠎ᠠ ᠬᠢᠯᠭᠡᠵᠦ᠂ ᠸᠠᠺᠼᠢᠨ ᠤ | ᠲᠠᠷᠢᠯᠭ᠎ᠠ ᠶᠢᠨ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ︔ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠣᠳᠠᠲᠤ ᠲᠡᠶᠢᠨ ᠤ | ᠪᠣᠯᠪᠠᠰᠤᠷᠠᠭᠤᠯᠤᠯ ᠤᠨ ᠭᠠᠷ ᠳᠡᠪᠲᠡᠷ︾ ᠢ ᠭᠦᠢᠴᠡᠳ ᠠᠰᠢᠭᠯᠠᠨ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠴᠢᠷᠮᠠᠶᠢᠨ ᠰᠤᠷᠤᠯᠴᠠᠵᠤ᠂ ᠣᠶᠤᠨ ᠲᠠᠷᠢᠬᠢᠨ ᠳᠤᠨᠢ ᠬᠠᠳᠠᠩᠰᠢᠭᠤᠯᠤᠨ ᠰᠡᠳᠬᠢᠯ ᠳᠤᠨᠢ ᠬᠠᠳᠠᠩᠰᠢᠭᠤᠯᠵᠤ᠂ ᠰᠣᠷᠢᠯᠲᠠ ᠶᠢ | ᠣᠨᠣᠪᠴᠢᠲᠠᠶ ᠪᠥᠭᠡᠳ ᠪᠣᠳᠠᠲᠠᠶᠢᠵᠢᠭᠤᠯᠤᠨ᠎ᠠ᠃ ᠭᠤᠷᠪᠠ ᠳᠤ᠂ ᠤᠯᠠᠭᠠᠨ ᠱᠤᠭᠤᠮ ᠢ ᠴᠢᠩᠭ᠎ᠠ ᠰᠠᠬᠢᠵᠤ᠂ ᠴᠢᠬᠤᠯᠠ ᠵᠠᠩᠭᠢᠯᠠᠭ᠎ᠠ ᠶᠢᠨ ᠦᠶ᠎ᠡ ᠶᠢᠨ ᠠᠶᠤᠯᠭᠦᠢ | ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠤᠳᠤᠷᠢᠳᠤᠯᠭ᠎ᠠ ᠶᠢᠨ ᠬᠡᠰᠡᠭ ᠢ ᠳᠠᠭᠠᠭᠠᠴᠢᠯᠠᠬᠤ᠂ | ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠤᠯᠠᠮ ᠴᠢᠨᠠᠭᠰᠢᠳᠠ ᠪᠠᠲᠤᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠨᠠᠷᠢᠨ ᠬᠢᠨᠠᠮᠠᠭᠠᠢ ᠪᠠᠶᠢᠴᠠᠭᠠᠨ ᠡᠮᠬᠢᠯᠡᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠥᠮᠦᠰ ᠤᠨ ᠲᠣᠭᠲᠠᠭᠤᠨ ᠢ ᠬᠠᠮᠠᠭᠠᠯᠠᠬᠤ ᠠᠵᠢᠯ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ | | ᠬᠤᠷᠠᠯ ᠠᠴᠠ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠢ ᠰᠢᠯᠵᠢᠭᠦᠯᠦᠨ ᠰᠢᠢᠳᠪᠦᠷᠢᠯᠡᠬᠦ ᠵᠡᠷᠭᠡ ᠤᠴᠢᠷ ᠶᠠᠪᠤᠳᠠᠯ ᠢ ᠰᠤᠳᠤᠯᠵᠠᠶ᠃ |