ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠡᠭᠡᠯᠢ | ᠭᠤᠳᠤᠮᠵᠢ ᠨᠡᠶᠢᠭᠡᠮ ᠲᠣᠭᠤᠷᠢᠭ ᠤᠨ ᠺᠠᠳ᠋ᠷᠴᠤᠳ ᠤᠨ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ | ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2 ᠰᠠᠷ᠎ᠠ ᠶᠢᠨ 28 ᠤ ᠦᠳᠡ ᠶᠢᠨ ᠬᠤᠶᠢᠨ᠎ᠠ᠂ ᠰᠢᠩ | ᠬᠤᠸᠠ ᠵᠡᠭᠡᠯᠢ ᠭᠤᠳᠤᠮᠵᠢ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠲᠤᠰᠬᠠᠢ ᠰᠡᠳᠦᠪᠲᠦ | ᠰᠤᠷᠤᠯᠴᠠᠯᠭ᠎ᠠ ᠦᠷᠨᠢᠭᠦᠯᠪᠡ ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ | ᠪᠠᠶᠢᠭᠤᠯᠤᠯᠭ᠎ᠠ᠂ ᠨᠡᠶᠢᠭᠡᠮ ᠲᠣᠭᠤᠷᠢᠭ ᠤᠨ ᠺᠠᠳ᠋ᠷ ᠪᠦᠭᠦᠳᠡᠭᠡᠷ ᠢᠶᠠᠨ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠰᠢᠩ ᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠯᠢᠶᠠᠩ ᠵᠢᠩ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ | ᠶᠢ ᠨᠡᠶᠢᠲᠡᠯᠡᠭᠰᠡᠨ ᠤ ᠴᠢᠬᠤᠯᠠ ᠶᠡᠭᠡ ᠠᠴᠢ ᠬᠤᠯᠪᠣᠭᠳᠠᠯ ᠵᠢᠴᠢ ᠭᠢᠯᠠᠰ ᠴᠡᠭ ᠢ ᠭᠦᠨᠵᠡᠭᠡᠶ ᠲᠠᠶᠢᠯᠪᠤᠷᠢᠯᠠᠵᠤ᠂ | ᠢᠨᠲ᠋ᠧᠷ ᠰᠦᠯᠵᠢᠶ᠎ᠡ ᠶᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ᠂ ᠰᠦᠯᠵᠢᠶᠡᠨ ᠳᠡᠭᠡᠷ᠎ᠡ ᠳᠠᠩᠰᠠᠯᠠᠭᠤᠯᠬᠤ | ᠦᠶ᠎ᠡ ᠳᠤ ᠬᠤᠪᠢ ᠶᠢᠨ ᠨᠢᠭᠤᠴᠠ ᠶᠢ ᠬᠡᠷᠬᠢᠨ ᠵᠠᠳᠠᠷᠠᠭᠤᠯᠬᠤ ᠥᠬᠡᠶ ᠪᠠᠶᠢᠬᠤ᠂ ᠠᠮᠤᠷ ᠲᠦᠪᠰᠢᠨ ᠤ ᠠᠷᠭ᠎ᠠ | ᠵᠠᠮ ᠢᠶᠠᠷ ᠬᠡᠷᠡᠭᠯᠡᠭᠡᠨ ᠤ ᠵᠥᠭᠡᠯᠡᠨ ᠲᠣᠨᠤᠭ ᠪᠠᠭᠤᠯᠭᠠᠬᠤ᠂ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ | ᠲᠦᠪᠰᠢᠨ ᠢ ᠬᠡᠷᠬᠢᠨ ᠬᠠᠮᠠᠭᠠᠯᠠᠬᠤ᠂ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠭᠳᠠᠬᠤ᠂ ᠵᠠᠳᠠᠷᠠᠭᠤᠯᠬᠤ ᠪᠠ | ᠬᠠᠤᠯᠢ ᠪᠤᠰᠤ ᠪᠠᠷ ᠬᠡᠷᠡᠭᠯᠡᠬᠦ ᠶᠢ ᠰᠡᠷᠭᠡᠶᠢᠯᠡᠬᠦ ᠵᠡᠷᠭᠡ ᠲᠠᠯ᠎ᠠ ᠪᠠᠷ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯ | ᠪᠠ ᠪᠥᠬᠦ ᠺᠠᠳ᠋ᠷᠴᠤᠳ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ | | ᠯᠢᠶᠠᠩ ᠵᠢᠩ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠦᠬᠦ ᠺᠠᠳ᠋ᠷ ᠨᠢᠭᠡ ᠳᠤ᠂ | ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠵᠢᠷᠤᠮᠯᠠᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢ | ᠢᠯᠭᠠᠨ ᠲᠠᠨᠢᠬᠤ ᠠᠷᠭ᠎ᠠ ᠪᠣᠯᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠤᠷ᠎ᠠ | ᠴᠢᠳᠠᠪᠤᠷᠢ ᠶᠢ ᠡᠵᠡᠮᠰᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ | ᠬᠠᠮᠠᠭᠠᠯᠠᠬᠤ ᠬᠡᠷᠡᠭᠲᠡᠢ᠃ ᠬᠤᠶᠠᠷ ᠲᠤ᠂ ᠰᠦᠯᠵᠢᠶᠡᠨ ᠤ ᠲᠠᠪᠴᠠᠩ ᠢ ᠠᠰᠢᠭᠯᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠶᠢ ᠰᠠᠶᠢᠲᠤᠷ ᠥᠷᠨᠢᠭᠦᠯᠵᠦ᠂ ᠰᠦᠯᠵᠢᠶᠡᠨ ᠤ ᠣᠷᠣᠨ | ᠵᠠᠢ ᠶᠢ ᠢᠳᠡᠪᠬᠢ ᠬᠦᠴᠦᠨ ᠢᠶᠠᠷ ᠪᠢᠯᠬᠠᠭᠤᠯᠬᠤ ᠬᠡᠷᠡᠭᠲᠡᠢ᠃ ᠭᠤᠷᠪᠠ ᠳᠤ ᠶᠠᠷᠢᠶ᠎ᠠ ᠬᠡᠯᠡᠯᠴᠡᠭᠡ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠰᠦᠯᠵᠢᠶᠡᠨ ᠤ ᠠᠮᠤᠷ ᠲᠦᠪᠰᠢᠨ ᠤ | ᠬᠢᠨᠠᠯᠲᠠ ᠲᠠᠯᠪᠢᠭᠴᠢ᠂ ᠰᠦᠯᠵᠢᠶᠡᠨ ᠤ ᠪᠣᠯᠪᠠᠰᠤᠨ ᠤ ᠰᠠᠶᠢᠨ ᠳᠤᠷ᠎ᠠ ᠶᠢᠨ ᠠᠵᠢᠯᠯᠠᠭᠴᠢ ᠪᠠ ᠮᠡᠳᠡᠭᠡ ᠵᠠᠩᠭᠢ ᠶᠢᠨ | ᠠᠮᠤᠷ ᠲᠦᠪᠰᠢᠨ ᠤ ᠤᠬᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠠᠮᠤᠷ | ᠲᠦᠪᠰᠢᠨ ᠤ ᠠᠵᠢᠯ ᠢ ᠴᠢᠩᠭ᠎ᠠ᠂ ᠪᠣᠳᠠᠲᠠᠶ᠂ ᠨᠠᠷᠢᠯᠢᠭ ᠰᠠᠶᠢᠲᠤᠷ ᠬᠢᠵᠦ᠂ ᠰᠦᠯᠵᠢᠶᠡᠨ ᠤ ᠠᠮᠤᠷ ᠲᠦᠪᠰᠢᠨ ᠤ | ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠲᠣᠰ ᠤᠳᠠᠭᠠᠨ ᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠰᠤᠷᠤᠯᠴᠠᠯᠭ᠎ᠠ ᠪᠠᠷ ᠳᠡᠮᠵᠢᠨ᠂ | ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠤ ᠬᠠᠤᠯᠢ ᠲᠦᠷᠢᠮ ᠤᠨ ᠦᠵᠡᠯᠲᠡ ᠪᠠ ᠬᠠᠤᠯᠢ ᠰᠤᠷᠬᠤ᠂ ᠬᠠᠤᠯᠢ ᠶᠢ | ᠰᠠᠬᠢᠬᠤ ᠤᠬᠠᠮᠰᠠᠷ ᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠮᠡᠳᠡᠬᠦ᠂ ᠬᠠᠤᠯᠢ ᠶᠢ ᠰᠤᠷᠬᠤ᠂ | ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠦᠯᠵᠢᠶᠡᠨ ᠤ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠵᠤ | ᠂ ᠪᠣᠬᠢᠷᠲᠤᠯ ᠥᠬᠡᠶ᠂ ᠠᠮᠢ ᠠᠬᠤᠶ ᠶᠢᠨ᠂ ᠡᠷᠡᠭᠦᠯ ᠴᠢᠭᠢᠷᠠᠭ᠂ ᠠᠮᠤᠷ ᠲᠦᠪᠰᠢᠨ ᠰᠦᠯᠵᠢᠶᠡᠨ ᠤ ᠣᠷᠴᠢᠨ | ᠲᠣᠭᠤᠷᠢᠨ ᠢ ᠪᠣᠶ ᠪᠣᠯᠭᠠᠪᠠ᠃ |