ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ | ᠺᠠᠳ᠋ᠷᠴᠤᠳ ᠤᠨ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2 ᠰᠠᠷ᠎ᠠ ᠶᠢᠨ 28 ᠤ | ᠦᠳᠡ ᠶᠢᠨ ᠬᠤᠶᠢᠨ᠎ᠠ᠂ ᠰᠢᠩ ᠬᠤᠸᠠ ᠵᠡᠭᠡᠯᠢ ᠭᠤᠳᠤᠮᠵᠢ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠲᠤᠰᠬᠠᠢ ᠰᠡᠳᠦᠪᠲᠦ ᠰᠤᠷᠤᠯᠴᠠᠯᠭ᠎ᠠ | ᠦᠷᠨᠢᠭᠦᠯᠪᠡ ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ᠂ ᠨᠡᠶᠢᠭᠡᠮ ᠲᠣᠭᠤᠷᠢᠭ ᠤᠨ ᠺᠠᠳ᠋ᠷ | ᠪᠦᠭᠦᠳᠡᠭᠡᠷ ᠢᠶᠠᠨ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠰᠢᠩ ᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠭᠡᠰᠢᠭᠦᠨ ᠯᠢᠶᠠᠩ ᠵᠢᠩ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢ ᠨᠡᠶᠢᠲᠡᠯᠡᠭᠰᠡᠨ ᠤ ᠴᠢᠬᠤᠯᠠ ᠶᠡᠭᠡ ᠠᠴᠢ ᠬᠤᠯᠪᠣᠭᠳᠠᠯ ᠵᠢᠴᠢ ᠭᠢᠯᠠᠰ ᠴᠡᠭ ᠢ | ᠭᠦᠨᠵᠡᠭᠡᠶ ᠲᠠᠶᠢᠯᠪᠤᠷᠢᠯᠠᠵᠤ᠂ ᠢᠨᠲ᠋ᠧᠷ ᠰᠦᠯᠵᠢᠶ᠎ᠡ ᠶᠢ ᠬᠡᠷᠬᠢᠨ ᠠᠮᠤᠷ ᠲᠦᠪᠰᠢᠨ ᠢᠶᠠᠷ ᠬᠡᠷᠡᠭᠯᠡᠬᠦ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠦᠶ᠎ᠡ ᠳᠤ ᠬᠤᠪᠢ ᠶᠢᠨ | ᠨᠢᠭᠤᠴᠠ ᠶᠢ ᠬᠡᠷᠬᠢᠨ ᠵᠠᠳᠠᠷᠠᠭᠤᠯᠬᠤ ᠥᠬᠡᠶ ᠪᠠᠶᠢᠬᠤ᠂ ᠠᠮᠤᠷ ᠲᠦᠪᠰᠢᠨ ᠤ ᠠᠷᠭ᠎ᠠ ᠵᠠᠮ ᠢᠶᠠᠷ ᠬᠡᠷᠡᠭᠯᠡᠭᠡᠨ ᠤ ᠵᠥᠭᠡᠯᠡᠨ ᠲᠣᠨᠤᠭ ᠪᠠᠭᠤᠯᠭᠠᠬᠤ᠂ ᠬᠤᠪᠢ ᠬᠥᠮᠦᠨ ᠤ | ᠮᠡᠳᠡᠭᠡ ᠵᠠᠩᠭᠢ ᠶᠢᠨ ᠠᠮᠤᠷ ᠲᠦᠪᠰᠢᠨ ᠢ ᠬᠡᠷᠬᠢᠨ ᠬᠠᠮᠠᠭᠠᠯᠠᠬᠤ᠂ ᠬᠤᠪᠢ ᠬᠥᠮᠦᠨ ᠤ ᠮᠡᠳᠡᠭᠡ ᠵᠠᠩᠭᠢ ᠶᠢ ᠬᠤᠯᠠᠭᠠᠶᠢᠯᠠᠭᠳᠠᠬᠤ᠂ ᠵᠠᠳᠠᠷᠠᠭᠤᠯᠬᠤ ᠪᠠ ᠬᠠᠤᠯᠢ | ᠪᠤᠰᠤ ᠪᠠᠷ ᠬᠡᠷᠡᠭᠯᠡᠬᠦ ᠶᠢ ᠰᠡᠷᠭᠡᠶᠢᠯᠡᠬᠦ ᠵᠡᠷᠭᠡ ᠲᠠᠯ᠎ᠠ ᠪᠠᠷ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯ ᠪᠠ ᠪᠥᠬᠦ ᠺᠠᠳ᠋ᠷᠴᠤᠳ ᠤᠨ ᠪᠣᠳᠠᠲᠠᠶ ᠪᠠᠶᠢᠳᠠᠯ ᠲᠠᠢ | ᠤᠶᠠᠯᠳᠤᠭᠤᠯᠤᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃ | | ᠯᠢᠶᠠᠩ ᠵᠢᠩ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠦᠬᠦ ᠺᠠᠳ᠋ᠷ ᠨᠢᠭᠡ ᠳᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ | ᠴᠢᠩᠭᠠᠳᠬᠠᠵᠤ᠂ ᠬᠠᠤᠯᠢ ᠶᠢ ᠰᠤᠷᠤᠯᠴᠠᠬᠤ᠂ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ | ᠠᠶᠤᠯ ᠲᠦᠭᠰᠢᠭᠦᠷᠢ ᠶᠢ ᠢᠯᠭᠠᠨ ᠲᠠᠨᠢᠬᠤ ᠠᠷᠭ᠎ᠠ ᠪᠣᠯᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠡᠵᠡᠮᠰᠢᠵᠦ᠂ | ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠬᠤᠶᠠᠷ ᠲᠤ᠂ ᠰᠦᠯᠵᠢᠶᠡᠨ ᠤ ᠲᠠᠪᠴᠠᠩ ᠢ ᠠᠰᠢᠭᠯᠠᠵᠤ᠂ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠶᠢ ᠰᠠᠶᠢᠲᠤᠷ ᠥᠷᠨᠢᠭᠦᠯᠵᠦ᠂ ᠰᠦᠯᠵᠢᠶᠡᠨ ᠤ ᠣᠷᠣᠨ ᠵᠠᠢ ᠶᠢ ᠢᠳᠡᠪᠬᠢ | ᠬᠦᠴᠦᠨ ᠢᠶᠠᠷ ᠪᠢᠯᠬᠠᠭᠤᠯᠬᠤ ᠬᠡᠷᠡᠭᠲᠡᠢ᠃ ᠭᠤᠷᠪᠠ ᠳᠤ ᠶᠠᠷᠢᠶ᠎ᠠ ᠬᠡᠯᠡᠯᠴᠡᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ | ᠴᠥᠮ ᠰᠦᠯᠵᠢᠶᠡᠨ ᠤ ᠠᠮᠤᠷ ᠲᠦᠪᠰᠢᠨ ᠤ ᠬᠢᠨᠠᠯᠲᠠ ᠲᠠᠯᠪᠢᠭᠴᠢ᠂ ᠰᠦᠯᠵᠢᠶᠡᠨ ᠤ ᠪᠣᠯᠪᠠᠰᠤᠨ ᠤ ᠰᠠᠶᠢᠨ ᠳᠤᠷ᠎ᠠ ᠶᠢᠨ ᠠᠵᠢᠯᠯᠠᠭᠴᠢ ᠪᠠ ᠮᠡᠳᠡᠭᠡ ᠵᠠᠩᠭᠢ ᠶᠢᠨ | ᠠᠮᠤᠷ ᠲᠦᠪᠰᠢᠨ ᠤ ᠤᠬᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠢ ᠴᠢᠩᠭ᠎ᠠ᠂ ᠪᠣᠳᠠᠲᠠᠶ᠂ ᠨᠠᠷᠢᠯᠢᠭ | ᠰᠠᠶᠢᠲᠤᠷ ᠬᠢᠵᠦ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠲᠣᠰ ᠤᠳᠠᠭᠠᠨ ᠤ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠰᠤᠷᠤᠯᠴᠠᠯᠭ᠎ᠠ ᠪᠠᠷ ᠳᠡᠮᠵᠢᠨ᠂ ᠵᠡᠭᠡᠯᠢ ᠭᠤᠳᠤᠮᠵᠢ ᠶᠢᠨ ᠺᠠᠳ᠋ᠷ ᠠᠵᠢᠯᠲᠠᠨ ᠤ | ᠬᠠᠤᠯᠢ ᠲᠦᠷᠢᠮ ᠤᠨ ᠦᠵᠡᠯᠲᠡ ᠪᠠ ᠬᠠᠤᠯᠢ ᠰᠤᠷᠬᠤ᠂ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠵᠤ᠂ ᠬᠠᠤᠯᠢ ᠶᠢ ᠬᠦᠨᠳᠦᠳᠬᠡᠬᠦ᠂ ᠬᠠᠤᠯᠢ ᠶᠢ ᠮᠡᠳᠡᠬᠦ᠂ | ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠦᠯᠵᠢᠶᠡᠨ ᠤ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠵᠤ᠂ ᠪᠣᠬᠢᠷᠲᠤᠯ ᠥᠬᠡᠶ᠂ | ᠠᠮᠢ ᠠᠬᠤᠶ ᠶᠢᠨ᠂ ᠡᠷᠡᠭᠦᠯ ᠴᠢᠭᠢᠷᠠᠭ᠂ ᠠᠮᠤᠷ ᠲᠦᠪᠰᠢᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠪᠠ᠃ |