ᠾᠧ ᠰᠢ ᠵᠡᠭᠡᠯᠢ ᠭᠤᠲᠣᠮᠵᠢ 2022 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠠᠬᠢᠭᠤᠯᠬᠤ ᠬᠤᠷᠠᠯ ᠬᠢᠪᠠ
ᠨᠡᠶᠢᠲᠡᠯᠡᠭᠰᠡᠨ ᠴᠠᠭ᠄
2022/3/11
     ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠡᠷᠡᠭᠦᠯ ᠮᠡᠨᠳᠤ ᠶᠢ ᠦᠨᠡᠨᠬᠦ ᠬᠠᠮᠠᠭᠠᠯᠠᠵᠤ᠂ ᠬᠠᠷᠢᠶ᠎ᠠ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ︾ ᠢ ᠪᠠᠶᠢᠩᠭᠤᠵᠢᠭᠤᠯᠵᠤ᠂ ᠵᠢᠷᠤᠮᠵᠢᠭᠤᠯᠤᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 8      ᠤ ᠡᠳᠦᠷ᠂  ᠾᠧ ᠰᠢ ᠵᠡᠭᠡᠯᠢ ᠭᠤᠳᠤᠮᠵᠢ ᠳᠤ 2022 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠬᠠᠷᠢᠭᠤᠴᠠᠯᠭᠠᠲᠠᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠷᠢᠶ᠎ᠠ ᠣᠷᠣᠨ ᠳᠤ ᠬᠤᠯᠪᠣᠭᠳᠠᠬᠤ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ ᠬᠤᠷᠠᠯ ᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠡᠦ ᠸᠧᠨ ᠵᠢᠶᠦ᠋ᠨ ᠡᠷᠭᠢᠯᠡᠵᠡᠶ᠃     ᠬᠤᠷᠠᠯ ᠠᠴᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠶᠢᠷᠡᠭᠦᠯᠵᠦ᠂ ᠤᠰᠤᠨ ᠤ ᠠᠮᠢ ᠠᠬᠤᠢ ᠶᠢ ᠬᠠᠮᠠᠭᠠᠯᠠᠬᠤ ᠨᠢ ᠠᠮᠤᠷ ᠲᠦᠪᠰᠢᠨ ᠤ ᠶᠡᠭᠡ ᠲᠠᠯ᠎ᠠ ᠳᠤ ᠬᠤᠯᠪᠣᠭᠳᠠᠵᠤ᠂ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠵᠤ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ ᠬᠠᠷᠢᠭᠤᠴᠠᠯᠭ᠎ᠠ ᠡᠭᠦᠷᠭᠡᠯᠡᠯ ᠪᠣᠯᠬᠤ ᠶᠤᠮ᠂ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠦᠬᠦ ᠲᠠᠯ᠎ᠠ ᠪᠠᠷ ᠠᠳᠬᠤᠵᠤ᠂ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠨᠠᠭᠤᠷ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠨᠡᠩ ᠢᠯᠡᠭᠦᠦ ᠴᠢᠬᠤᠯᠠᠴᠢᠯᠠᠨ ᠦᠵᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠣᠯᠠᠨ ᠲᠠᠯ᠎ᠠ ᠶᠢᠨ ᠬᠠᠮᠢᠶᠠᠷᠤᠯᠲᠠ ᠶᠢ ᠵᠡᠷᠭᠡ ᠪᠠᠷ ᠬᠡᠷᠡᠭᠵᠢᠭᠦᠯᠵᠦ᠂ ᠬᠠᠷᠢᠶ᠎ᠠ ᠣᠷᠣᠨ ᠤ ᠭᠤᠤᠯ ᠮᠥᠷᠡᠨ ᠨᠠᠭᠤᠷ ᠴᠥᠭᠦᠷᠥᠮ ᠳᠤ ᠭᠦᠨᠵᠡᠭᠡᠶᠢᠷᠡᠨ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠮᠳᠡᠭᠯᠡᠵᠦ᠂ ᠡᠮᠬᠢᠯᠡᠵᠦ᠂ ᠡᠬᠡ ᠲᠠᠩᠰᠠ ᠪᠣᠯᠭᠠᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠭᠤᠤᠯ ᠤᠨ ᠵᠠᠮ ᠢ ᠴᠡᠭᠴᠡᠯᠡᠨ ᠵᠠᠰᠠᠬᠤ ᠲᠠᠰ ᠳᠠᠪᠬᠤᠷᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠭᠤᠣᠯ ᠮᠥᠷᠡᠨ ᠤ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢ ᠢᠳᠡᠪᠬᠢᠲᠡᠢ ᠢᠯᠡᠷᠡᠭᠦᠯᠬᠦ ᠪᠠ ᠰᠢᠢᠳᠪᠦᠷᠢᠯᠡᠵᠦ᠂ ︽ᠲᠦᠷᠪᠡᠨ ᠰᠠᠮᠠᠭᠤᠷᠠᠯ ᠢ ᠠᠷᠢᠯᠭᠠᠬᠤ︾ ᠠᠵᠢᠯ ᠢ ᠪᠠᠶᠢᠩᠭᠤᠵᠢᠭᠤᠯᠬᠤ ᠪᠠ ᠵᠢᠷᠤᠮᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠶᠡᠷᠦᠩᠬᠡᠶ ᠭᠤᠤᠯ ᠤᠨ ᠳᠠᠷᠤᠭ᠎ᠠ ᠶᠢᠨ ᠵᠠᠷᠯᠢᠭ ᠤᠨ ᠱᠠᠭᠠᠷᠳᠠᠯᠭ᠎ᠠ ᠶᠣᠰᠣᠭᠠᠷ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ ᠬᠠᠮᠢᠶᠠᠷᠤᠨ ᠬᠠᠮᠠᠭᠠᠯᠠᠬᠤ ᠡᠩᠨᠡᠭᠡ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠭᠤᠤᠯ ᠤᠨ ᠵᠠᠮ ᠢ ᠲᠣᠭᠤᠷᠢᠨ ᠪᠠᠶᠢᠴᠠᠭᠠᠵᠤ᠂ ᠪᠣᠬᠢᠷᠲᠤᠭᠰᠠᠨ ᠤᠰᠤᠨ ᠤ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠭᠤᠤᠯ ᠤᠨ ᠵᠠᠮ ᠤᠨ ᠤᠰᠤᠨ ᠣᠷᠣᠨ ᠤ ᠡᠷᠭᠢ ᠶᠢᠨ ᠱᠤᠭᠤᠮ ᠢ ᠡᠵᠡᠯᠡᠭᠰᠡᠨ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠤᠭᠰᠠᠨ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠵᠡᠷᠭᠡ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ︽ᠭᠤᠤᠯ ᠤᠨ ᠳᠠᠷᠤᠭ᠎ᠠ ᠶᠢᠨ ᠲᠦᠷᠢᠮ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠪᠡ ᠳᠤ᠂ ᠤᠯᠤᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠵᠠᠯᠠᠨ ᠠᠶᠢᠯ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠭᠤᠤᠯ ᠴᠠᠭᠳᠠᠬᠤ ᠶᠠᠪᠤᠴᠠ ᠳᠤ ᠢᠯᠡᠷᠡᠭᠦᠯᠦᠭᠰᠡᠨ ᠬᠠᠮᠢᠶ᠎ᠠ ᠪᠥᠬᠦᠶ ᠠᠰᠠᠭᠤᠳᠠᠯ ᠢ ᠲᠤᠰᠢᠶᠠᠨ  ᠰᠢᠢᠳᠪᠦᠷᠢᠯᠡᠭᠦᠯᠵᠦ᠂ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ