︵ᠨᠢᠭᠡ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
     ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶     ︽︿ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 9 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠯᠬᠤᠮ ᠴᠢᠨᠠᠭᠰᠢᠳᠠ ᠴᠢᠩᠭᠠᠳᠬᠠᠨ᠂ ᠲᠥᠷᠥᠯ ᠲᠡᠮᠳᠡᠭ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃   ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠲᠤᠭᠲᠠᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠲᠦᠷᠦᠯ ᠲᠡᠮᠳᠡᠭ ᠲᠠᠢ ᠨᠢᠭᠲᠠ ᠤᠶᠠᠯᠳᠤᠭᠤᠯᠤᠨ ᠲᠠᠷᠢᠶᠠᠯᠠᠩ ᠮᠠᠯ ᠠᠵᠤ ᠠᠬᠤᠶ ᠶᠢ ᠬᠦᠭᠵᠢᠬᠦᠯᠵᠦ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠦᠷ᠎ᠡ ᠠᠰᠢᠭ ᠪᠣᠯᠤᠨ ᠥᠷᠢᠰᠥᠯᠳᠦᠬᠦ ᠬᠦᠴᠦᠨ ᠢ ᠬᠦᠴᠦᠯᠡᠨ ᠳᠡᠭᠡᠭᠰᠢᠯᠡᠬᠦᠯᠵᠦ᠂ ᠤᠳᠤ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠤᠨ ᠥᠷᠲᠡᠭ ᠤᠨ ᠲᠤᠭᠲᠠᠯᠴᠠᠭ᠎ᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠤᠤᠷᠠᠳᠤ ᠬᠡᠯᠬᠢᠶ᠎ᠡ ᠲᠡᠰᠢ ᠤᠷᠲᠤᠳᠬᠠᠬᠤ ᠶᠢ ᠠᠬᠢᠭᠤᠯᠵᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠵᠡᠷᠭᠡᠯᠡᠯ ᠲᠡᠰᠢ ᠳᠡᠭᠡᠭᠰᠢᠯᠡᠬᠦᠯᠵᠦ᠂ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠯᠦᠭᠵᠢᠨ ᠬᠥᠭᠵᠢᠬᠦ ᠶᠢ ᠲᠠᠶᠢᠴᠢᠯᠠᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃        
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号