︵ᠬᠤᠶᠠᠷ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
   ᠬᠤᠶᠠᠷ᠂ ᠠᠵᠢᠯ ᠤᠨ ᠬᠠᠷᠠᠯᠲᠠ    ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ᠂ ᠭᠠᠵᠠᠷ ᠵᠦᠢ ᠶᠢᠨ ᠲᠡᠮᠳᠡᠭ ᠢ ᠬᠠᠮᠠᠭᠠᠯᠠᠬᠤ ᠪᠦᠲᠦᠭᠡᠭᠳᠡᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠭᠰᠡᠨ ᠲᠠᠸᠠᠷ ᠤᠨ ᠲᠡᠮᠳᠡᠭ ᠢᠶᠠᠷ ᠭᠤᠣᠯ ᠪᠣᠯᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ᠮᠢᠬᠠᠨ ᠤ ᠬᠤᠨᠢ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ᠂ ᠪᠣᠭᠤᠳᠠᠶ᠂ ᠤᠰᠤᠨ ᠲᠤᠲᠤᠷᠭ᠎ᠠ᠂ ᠰᠢᠯᠢᠮᠳᠡᠭ᠂ ᠢᠳᠡᠰᠢᠨ ᠮᠥᠭᠦ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠲᠦᠰᠢᠭᠯᠡᠨ᠂ ︽ᠬᠥᠯᠥᠨ ᠪᠤᠶᠢᠷ︾ ᠤᠨ ᠠᠯᠲᠠᠨ ᠦᠰᠦᠭᠲᠦ ᠲᠥᠷᠥᠯ ᠲᠡᠮᠳᠡᠭ ᠤᠨ ᠲᠣᠭᠤᠷᠢᠨ ᠳᠤ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ ᠦᠨᠢᠶᠡᠨ ᠰᠦ᠂ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ 8 ᠶᠡᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠠᠯᠳᠠᠷᠰᠢᠭᠤᠯᠤᠨ᠎ᠠ᠃ ᠬᠤᠰᠢᠭᠤ ᠬᠤᠲᠠ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠭᠤᠤᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠠᠯᠠᠨ ᠠᠶᠢᠯ ᠤᠨ ᠬᠠᠷ᠎ᠠ ᠳᠡᠯᠳᠡᠦ᠂ ᠶᠠᠭᠰᠢ ᠶᠢᠨ ᠦᠷ᠎ᠡ ᠶᠢᠨ ᠲᠥᠮᠥᠰᠥ ᠵᠡᠷᠭᠡ ᠰᠢᠶᠠᠨ ᠤ ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠢ ᠪᠣᠯᠭᠠᠬᠤ ᠶᠢ ᠵᠣᠷᠢᠭᠵᠢᠭᠤᠯᠤᠨ᠎ᠠ᠃ 2023 ᠤᠨ ᠪᠣᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠯᠢᠶᠡᠳ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ 2 ᠠᠴᠠ ᠳᠡᠭᠡᠭᠰᠢ ᠪᠤᠶᠢᠵᠢᠭᠤᠯᠬᠤ ᠪᠠᠷ ᠴᠢᠷᠮᠠᠶᠢᠨ᠎ᠠ᠃ ᠭᠠᠵᠠᠷ ᠵᠦᠶ ᠶᠢᠨ ᠲᠡᠮᠳᠡᠭᠲᠦ ᠪᠠᠷ ᠭᠡᠷᠡᠴᠢᠯᠡᠭᠰᠡᠨ ᠲᠠᠸᠠᠷ ᠤᠨ ᠲᠡᠮᠳᠡᠭ ᠵᠢᠴᠢ ᠬᠠᠮᠲᠤ ᠶᠢᠨ ᠲᠠᠸᠠᠷ ᠤᠨ ᠲᠡᠮᠳᠡᠭ ᠢ 2020 ᠣᠨ ᠤ 4 ᠶᠢᠨ ᠰᠠᠭᠤᠷᠢᠨ ᠳᠡᠭᠡᠷ᠎ᠡ 25% ᠪᠠᠷ ᠨᠡᠮᠡᠭᠳᠡᠭᠦᠯᠵᠦ᠂ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭᠲᠦ ᠪᠠᠷ ᠳᠡᠩᠰᠡᠯᠡᠨ ᠬᠠᠮᠠᠭᠠᠯᠠᠬᠤ ᠪᠦᠲᠦᠭᠡᠭᠳᠡᠬᠦᠨ ᠢ 34 ᠪᠣᠯᠭᠠᠨ ᠨᠡᠮᠡᠭᠳᠡᠭᠦᠯᠦᠨ᠎ᠡ᠃   ᠭᠤᠷᠪᠠ᠂ ᠦᠨᠳᠦᠰᠦᠨ ᠵᠠᠷᠴᠢᠮ   ︵ᠨᠢᠭᠡ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠤᠯᠠᠮ ᠴᠢᠨᠠᠭᠰᠢᠳᠠ ᠬᠤᠪᠢᠷᠠᠭᠤᠯᠤᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ ᠠᠵᠤ ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠡᠵᠡᠩᠨᠡᠨ ᠬᠤᠳᠠᠯᠳᠤᠭᠠᠯᠠᠬᠤ ᠠᠰᠤᠷᠤ ᠰᠠᠶᠢᠨ ᠣᠷᠴᠢᠨ ᠨᠥᠬᠦᠴᠡᠯ ᠢ ᠪᠣᠶ ᠪᠣᠯᠭᠠᠨ᠎ᠠ᠃    ︵ᠬᠤᠶᠠᠷ︶ ᠵᠠᠬ᠎ᠠ ᠳᠡᠯᠭᠡᠭᠦᠷ ᠢᠶᠠᠷ ᠭᠤᠤᠯ ᠤᠳᠤᠷᠢᠳᠤᠮᠵᠢ ᠪᠣᠯᠭᠠᠨ᠎ᠠ᠃ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠢ ᠰᠤᠳᠤᠯᠵᠤ᠂ ᠪᠤᠷᠤᠯᠠᠭᠤᠯᠬᠤ ᠳᠤ ᠵᠤᠬᠢᠴᠠᠭᠰᠠᠨ ᠴᠢᠨᠠᠷ ᠰᠠᠶᠢᠲᠠᠢ ᠦᠢᠯᠡᠳᠬᠦᠨ ᠢ ᠦᠢᠯᠡᠳᠪᠦᠷᠢᠯᠡᠵᠦ᠂ ᠬᠡᠷᠡᠭᠯᠡᠭᠡᠨ ᠤ ᠬᠠᠮᠲᠤᠯᠢᠭ ᠤᠨ ᠤᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠨ᠎ᠠ᠃    ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠤᠯᠭᠠᠨ᠎ᠠ᠃ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠡᠷᠡᠭᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠡᠷᠡᠭᠯᠡᠬᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠥᠷᠭᠡᠳᠬᠡᠨ᠎ᠡ᠃    ︵ᠳᠥᠷᠪᠡ︶ ᠬᠠᠮᠵᠢᠯᠴᠠᠨ ᠬᠠᠮᠲᠤᠪᠠᠷ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠳᠤᠮᠳᠠᠬᠢ ᠨᠢᠭᠡᠳᠦᠯᠲᠡᠶ ᠲᠥᠯᠥᠪᠯᠡᠬᠦ ᠪᠠ ᠬᠠᠮᠵᠢᠯᠴᠠᠨ ᠠᠵᠢᠯᠯᠠᠬᠤ ᠶᠢ ᠦᠷᠭᠦᠯᠵᠢᠯᠡᠨ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ᠂ ᠰᠠᠯᠠᠭ᠎ᠠ ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠯᠠᠨ ᠲᠠᠯ᠎ᠠ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号