︵ᠭᠤᠷᠪᠠ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
ᠳᠥᠷᠪᠡ᠂ ᠭᠤᠤᠯᠳᠠᠯᠭ᠎ᠠ ᠲᠠᠢ ᠡᠭᠦᠷᠭᠡ   ︵ᠨᠢᠭᠡ︶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃     ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨᠬᠦ ᠴᠢᠩᠭᠠᠳᠬᠠᠵᠤ᠂ ᠲᠥᠷᠥᠯ ᠲᠡᠮᠳᠡᠭ ᠢ ᠪᠤᠶᠢᠵᠢᠭᠤᠯᠵᠤ ᠡᠭᠦᠳᠦᠨ ᠪᠠᠶᠢᠭᠤᠯᠬᠤ ᠠᠵᠢᠯ ᠤᠨ ᠪᠠᠶᠢᠩᠭᠤ ᠪᠦᠲᠦᠮᠵᠢᠳᠤ ᠲᠣᠭᠲᠠᠴᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ᠎ᠡ᠃     ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠪᠣᠯᠬᠤ ᠬᠥᠯᠥᠨ ᠪᠤᠶᠢᠷ ᠤᠨ ᠲᠠᠷᠢᠶᠠᠯᠠᠩ ᠮᠠᠯ ᠠᠵᠤ ᠠᠬᠤᠶ ᠶᠢᠨ ᠪᠠᠯᠠ ᠤᠷᠤᠭᠤᠯᠤᠯᠳᠠ ᠶᠢᠨ ᠬᠦᠭᠵᠢᠬᠦᠯᠦᠯᠳᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠲᠦᠰᠢᠭᠯᠡᠨ᠂ ᠲᠥᠷᠥᠯ ᠲᠡᠮᠳᠡᠭ ᠤᠨ ᠡᠵᠡᠩᠨᠡᠯᠲᠡ ᠪᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠬᠤᠲᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠵᠤ᠂ ᠵᠣᠬᠢᠴᠠᠩᠭᠤᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠲᠣᠰ ᠭᠠᠵᠠᠷ ᠣᠷᠣᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠤᠬᠢᠴᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠂ ᠳᠤᠤᠷ᠎ᠠ ᠴᠥᠮ ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠂ ᠳᠠᠭᠢᠵᠤ ᠵᠢᠭᠰᠠᠭᠠᠬᠤ ᠥᠬᠡᠶ︶᠃    ︵ᠬᠤᠶᠠᠷ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠦᠭᠵᠢᠯᠳᠡ ᠶᠢ ᠱᠠᠲᠤᠯᠢᠭ ᠢᠶᠠᠷ ᠪᠤᠶᠢᠵᠢᠭᠤᠯᠤᠨ᠎ᠡ᠃       ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠯᠥᠨ ᠪᠤᠶᠢᠷ ᠬᠤᠲᠠ ᠶᠢᠨ 8 ᠲᠣᠮᠣ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠲᠠᠢ ᠨᠢᠭᠲᠠ ᠤᠶᠠᠯᠳᠤᠭᠤᠯᠤᠨ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ ᠦᠨᠢᠶᠡᠨ ᠰᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢᠶᠠᠷ ᠳᠠᠭᠠᠭᠤᠯᠤᠭᠴᠢ ᠲᠥᠷᠥᠯ ᠲᠡᠮᠳᠡᠭ ᠪᠣᠯᠭᠠᠵᠤ᠂ ᠬᠥᠯᠥᠨ ᠪᠤᠶᠢᠷ ᠤᠨ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠦᠴᠦᠯᠡᠨ ᠪᠣᠶ ᠪᠣᠯᠭᠠᠨ᠎ᠠ᠃       ᠨᠢᠭᠡ ᠳᠤ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤᠨ ᠤ ᠮᠠᠯᠵᠢᠬᠤ ᠳᠥᠷᠪᠡᠨ ᠬᠤᠰᠢᠭᠤᠨ ᠤ ᠮᠢᠬᠠᠨ ᠤ ᠬᠤᠨᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠡᠳ᠋ᠰᠢᠭᠦᠯᠵᠦ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠠᠵᠢᠯᠯᠠᠭᠤᠯᠤᠨ ᠬᠠᠮᠢᠶᠠᠷᠬᠤ ᠶᠢ ᠴᠢᠩᠭᠠᠷᠠᠭᠤᠯᠵᠤ᠂ ᠴᠢᠨᠠᠷ ᠳᠡᠰ ᠢ ᠳᠡᠭᠡᠭᠰᠢᠯᠡᠭᠦᠯᠦᠨ᠂ ᠣᠭ ᠦᠨᠳᠦᠰᠦ ᠶᠢ ᠨᠢ ᠮᠦᠷᠳᠡᠬᠦ ᠬᠢᠨᠠᠨ ᠬᠠᠮᠢᠶᠠᠷᠬᠤ ᠲᠤᠭᠲᠠᠯᠴᠠᠭ᠎ᠠ ᠶᠢ ᠪᠦᠷᠢᠨᠰᠢᠬᠦᠯᠵᠦ᠂ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠬᠤᠯᠠᠴᠢᠯᠠᠨ᠂ ᠲᠥᠷᠥᠯ ᠲᠡᠮᠳᠡᠭ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠥᠷᠥᠯ ᠲᠡᠮᠳᠡᠭ ᠤᠨ ᠤᠬᠠᠭᠤᠯᠤᠨ ᠲᠠᠨᠢᠯᠴᠠᠭᠤᠯᠬᠤ ᠶᠢ ᠪᠥᠬᠦ ᠬᠦᠴᠦᠨ ᠢᠶᠠᠷ ᠥᠷᠨᠢᠭᠦᠯᠦᠨ᠂ ᠣᠯᠠᠨ ᠵᠠᠮ ᠮᠥᠷ ᠢᠶᠠᠷ ᠡᠵᠡᠩᠨᠡᠨ ᠪᠣᠷᠣᠯᠠᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ᠃      ᠬᠤᠶᠠᠷ ᠲᠤ᠂ ᠬᠥᠯᠥᠨ ᠪᠤᠶᠢᠷ ᠤᠨ ᠬᠠᠷ᠎ᠠ ᠳᠡᠯᠳᠡᠦ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠵᠤ᠂ ᠵᠠᠯᠠᠨ ᠠᠶᠢᠯ ᠤᠨ ᠬᠠᠷ᠎ᠠ ᠳᠡᠯᠳᠡᠦ ᠨᠢ ᠧᠦ᠋ᠷᠣᠫᠠ ᠶᠢᠨ ᠬᠤᠯᠪᠣᠭ᠎ᠠ ᠶᠢᠨ ᠠᠩᠬᠠᠨ ᠤ ᠪᠦᠯᠦᠭ ᠳᠤᠮᠳᠠᠳᠤ ᠤᠯᠤᠰ ᠤᠨ ᠭᠠᠵᠠᠷ ᠵᠦᠶ ᠶᠢᠨ ᠲᠡᠮᠳᠡᠭᠲᠦ 100 ᠪᠦᠲᠦᠭᠡᠭᠳᠡᠬᠦᠨ ᠤ ᠬᠠᠮᠠᠭᠠᠯᠠᠯ ᠳᠤ ᠤᠷᠤᠭᠰᠠᠨ ᠠᠰᠢᠭᠲᠠᠶ ᠠᠵᠠ ᠲᠣᠬᠢᠶᠠᠯ ᠤᠨ ᠲᠣᠭᠤᠷᠢᠨ ᠳᠤ᠂ ᠵᠠᠯᠠᠨ ᠠᠶᠢᠯ ᠬᠤᠲᠠ᠂ ᠠᠷᠤᠨ ᠬᠤᠰᠢᠭᠤ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠬᠡᠭᠡᠨ ᠭᠤᠤᠯ ᠬᠤᠲᠠ ᠵᠡᠷᠭᠡ ᠭᠤᠤᠯᠳᠠᠯᠭ᠎ᠠ ᠲᠠᠢ ᠬᠤᠰᠢᠭᠤ ᠬᠤᠲᠠ ᠶᠢᠨ ᠬᠠᠷ᠎ᠠ ᠳᠡᠯᠳᠡᠦ ᠶᠢᠨ ᠲᠠᠷᠢᠮᠠᠯ ᠤᠨ ᠰᠠᠭᠤᠷᠢᠨ ᠭᠠᠵᠠᠷ ᠪᠠ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠲᠥᠷᠥᠯ ᠲᠡᠮᠳᠡᠭ ᠤᠨ ᠡᠵᠡᠩᠨᠡᠯᠲᠡ ᠪᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷ᠎ᠠ ᠳᠡᠯᠳᠡᠦ ᠶᠢᠨ ᠲᠥᠷᠥᠯ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠤᠭᠲᠠᠭᠠᠨ᠂ ᠪᠣᠬᠢᠷᠲᠤᠯ ᠥᠬᠡᠶ᠂ ᠣᠷᠭᠠᠨᠢᠭ᠂ ᠭᠠᠵᠠᠷ ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠢ ᠮᠠᠭᠠᠳᠯᠠᠨ ᠲᠣᠭᠲᠠᠭᠠᠬᠤ ᠪᠠ ᠲᠠᠸᠠᠷ ᠤᠨ ᠳᠠᠩᠰᠠᠯᠠᠯ ᠢ ᠨᠡᠮᠡᠭᠳᠡᠬᠦᠯᠵᠦ᠂ ᠪᠤᠷᠤᠯᠠᠭᠤᠯᠭ᠎ᠠ ᠶᠢᠨ ᠠᠷᠭ᠎ᠠ ᠵᠠᠮ ᠢ ᠢᠳᠡᠪᠬᠢᠳᠡᠢ ᠦᠷᠭᠡᠤᠡᠭᠡᠨ᠎ᠠ᠃ ᠭᠤᠷᠪᠠ ᠳᠤ᠂ ᠬᠥᠯᠥᠨ ᠪᠤᠶᠢᠷ ᠤᠨ ᠦᠨᠢᠶᠡᠨ ᠰᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠵᠤ ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠢ ᠣᠷᠭᠠᠨᠢᠭ ᠴᠠᠭᠠᠨ ᠢᠳᠡᠭᠡᠨ ᠤ ᠲᠥᠷᠥᠯ ᠵᠦᠢᠯ ᠤᠨ ᠳᠠᠶᠢᠴᠢᠯᠠᠯᠲᠠ ᠪᠠᠷ ᠳᠠᠮᠵᠢᠭᠤᠯᠤᠨ᠂ ᠠᠷᠤᠨ ᠬᠤᠰᠢᠭᠤ᠂ ᠵᠠᠯᠠᠨ ᠠᠶᠢᠯ ᠬᠤᠲᠠ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠵᠢᠴᠢ ᠲᠡᠭᠦᠨ ᠤ ᠬᠡᠪᠴᠢᠶᠡᠨ ᠳᠠᠬᠢ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠶᠢᠨ ᠪᠦᠯᠦᠭᠯᠡᠯ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢᠨ ᠳᠠᠪᠠᠭᠠᠨ ᠤ ᠵᠡᠬᠦᠨᠳᠡᠬᠢ ᠰᠦᠨ ᠤ ᠢᠷᠡᠯᠲᠡ ᠶᠢᠨ ᠰᠠᠭᠤᠷᠢᠨ ᠭᠠᠵᠠᠷ ᠲᠤ ᠲᠦᠰᠢᠭᠯᠡᠨ᠂ ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ ᠵᠡᠷᠭᠡ ᠴᠠᠭᠠᠨ ᠢᠳᠡᠭᠡᠨ ᠤ ᠬᠥᠲᠥᠴᠢ ᠠᠵᠤ ᠠᠬᠤᠶᠢᠯᠠᠯ ᠳᠤ ᠲᠥᠷᠥᠯ ᠲᠡᠮᠳᠡᠭᠲᠦ ᠶᠢ ᠬᠡᠷᠡᠭᠯᠡᠭᠦᠯᠬᠦ ᠡᠷᠬᠡ ᠣᠯᠭᠤᠬᠤ ᠶᠢ ᠳᠡᠮᠵᠢᠵᠦ᠂ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂ ᠤᠬᠠᠭᠤᠯᠤᠨ ᠳᠡᠯᠭᠡᠷᠡᠭᠦᠯᠬᠦ ᠪᠠ ᠡᠵᠡᠩᠨᠡᠨ ᠪᠣᠷᠣᠯᠠᠭᠤᠯᠬᠤ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠮᠥᠩᠭᠦᠨ ᠭᠦᠢᠯᠭᠡᠭᠡᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号