︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠶᠢ | ᠴᠢᠩᠭᠠᠷᠠᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ | ᠣᠷᠳᠣᠨ ᠨᠢᠭᠡᠳᠦᠯᠲᠡᠶ ᠤᠳᠤᠷᠢᠳᠤᠨ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠢᠯᠤᠭᠤᠳᠴᠤ᠂ ᠨᠡᠶᠢᠭᠡᠮ ᠤᠨ ᠪᠦᠯᠬᠦᠮ ᠨᠡᠶᠢᠲᠡ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ | ᠰᠤᠳᠤᠯᠤᠯ ᠤᠨ ᠳᠡᠭᠡᠳᠦ ᠰᠤᠷᠭᠠᠭᠤᠯᠢ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠬᠠᠮᠲᠤ ᠪᠠᠷ | ᠣᠷᠣᠯᠴᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠰᠢᠯᠭᠠᠨ ᠲᠣᠭᠲᠠᠭᠠᠬᠤ ᠪᠠ ᠦᠨᠡᠯᠡᠨ ᠵᠢᠱᠢᠬᠦ ᠲᠣᠭᠲᠠᠴᠠ ᠶᠢ ᠪᠣᠶ ᠪᠣᠯᠭᠠᠵᠤ᠂ | ᠲᠥᠷᠥᠯ ᠲᠡᠮᠳᠡᠭ ᠤᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ ᠬᠠᠮᠠᠭᠠᠯᠠᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠪᠠ | ᠠᠵᠤ ᠠᠬᠤᠶᠢᠯᠠᠯ ᠤᠨ ᠲᠥᠷᠥᠯ ᠲᠡᠮᠳᠡᠭ᠂ ᠪᠦᠲᠦᠭᠡᠭᠳᠡᠬᠦᠨ ᠤ ᠲᠥᠷᠥᠯ ᠲᠡᠮᠳᠡᠭ ᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠲᠥᠷᠥᠯ ᠲᠡᠮᠳᠡᠭ ᠤᠨ ᠳᠠᠶᠢᠴᠢᠯᠠᠬᠤ ᠪᠠ ᠠᠵᠤ | ᠠᠬᠤᠶᠢᠯᠠᠯ ᠤᠨ ᠲᠥᠷᠥᠯ ᠲᠡᠮᠳᠡᠭ᠂ ᠦᠢᠯᠡᠳᠬᠦᠨ ᠤ ᠲᠥᠷᠥᠯ ᠲᠡᠮᠳᠡᠭ ᠤᠨ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠤᠨ᠎ᠠ᠃ ︽ᠬᠥᠯᠥᠨ ᠪᠤᠶᠢᠷ ᠤᠨ ᠲᠠᠷᠢᠶᠠᠯᠠᠩ ᠤᠨ ᠬᠠᠭᠠᠯᠪᠤᠷᠢᠯᠠᠯᠲᠠ︾ ᠶᠢᠨ ᠭᠤᠣᠯ ᠲᠦᠷᠦᠯ ᠲᠡᠮᠳᠡᠭ | ᠵᠢᠴᠢ ᠰᠢᠷᠢᠰ ᠬᠤᠪᠢᠶᠠᠷᠢ ᠨᠡᠷᠡᠲᠦ ᠲᠡᠮᠳᠡᠭ ᠢ ᠪᠤᠶᠢᠵᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ | ᠪᠤᠶᠢᠵᠢᠭᠤᠯᠬᠤ᠂ ᠡᠭᠦᠳᠦᠨ ᠪᠠᠶᠢᠭᠤᠯᠬᠤ᠂ ᠡᠮᠬᠢᠯᠡᠨ ᠨᠡᠶᠢᠯᠡᠭᠦᠯᠬᠦ ᠶᠢ ᠬᠥᠲᠥᠯᠥᠨ ᠵᠢᠯᠣᠭᠤᠳᠬᠤ ᠶᠢᠨ ᠬᠠᠮᠲᠤ | ᠳᠠᠮᠵᠢᠨ᠎ᠠ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭ + ᠠᠵᠤ ᠠᠬᠤᠶᠢᠯᠠᠯ ᠤᠨ ᠲᠥᠷᠥᠯ ᠲᠡᠮᠳᠡᠭ + ᠪᠦᠲᠦᠭᠡᠭᠳᠡᠬᠦᠨ ᠤ ᠲᠥᠷᠥᠯ | ᠲᠡᠮᠳᠡᠭ︾ ᠤᠨ ᠲᠥᠷᠥᠯ ᠲᠡᠮᠳᠡᠭᠲᠦ ᠶᠢᠨ ᠵᠢᠭᠰᠠᠭᠠᠯ ᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠷᠡᠭᠦᠯ ᠢᠶᠠᠷ | ᠬᠥᠭᠵᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠯᠥᠨ ᠪᠤᠶᠢᠷ ᠤᠨ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ᠂ ᠬᠤᠲᠠ ᠶᠢᠨ ᠲᠠᠷᠢᠶᠠᠯᠠᠩ ᠤᠨ ᠪᠠᠯᠠ | ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠃ | | ︵ᠵᠢᠷᠭᠤᠭ᠎ᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠥᠳᠡᠯᠦᠩᠭᠦᠶ | ᠬᠠᠮᠢᠶᠠᠷᠤᠯᠲᠠ ᠶᠢ ᠴᠢᠩᠭᠠᠳᠬᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠳᠣᠪᠤᠶᠢᠯᠭᠠᠵᠤ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭ ᠤᠨ ᠭᠠᠷᠴᠠᠭ ᠤᠨ ᠬᠥᠳᠡᠯᠦᠩᠭᠦᠶ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠪᠣᠯᠬᠤ ᠬᠥᠯᠥᠨ ᠪᠤᠶᠢᠷ ᠤᠨ | ᠲᠠᠷᠢᠶᠠᠯᠠᠩ ᠮᠠᠯ ᠠᠵᠤ ᠠᠬᠤᠶ ᠶᠢᠨ ᠪᠠᠯᠠ ᠤᠷᠤᠭᠤᠯᠤᠯᠳᠠ ᠶᠢᠨ ᠬᠦᠭᠵᠢᠬᠦᠯᠦᠯᠳᠡ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠳᠤ ᠲᠦᠰᠢᠭᠯᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭ ᠤᠨ ᠵᠢᠷᠤᠮᠵᠢᠭᠰᠠᠨ ᠬᠠᠮᠢᠶᠠᠷᠤᠯᠲᠠ ᠬᠡᠷᠡᠭᠯᠡᠯᠲᠡ ᠶᠢ ᠴᠢᠩᠭᠠᠷᠠᠭᠤᠯᠵᠤ᠂ ︽ᠨᠢᠭᠡ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ᠂ ᠨᠢᠭᠡ ᠢᠵᠢ ᠬᠠᠮᠢᠶᠠᠷᠤᠯᠲᠠ ᠶᠢᠨ ᠲᠦᠷᠢᠮ᠂ ᠨᠢᠭᠡ ᠢᠵᠢ | ᠪᠠᠷᠢᠮᠵᠢᠶᠠᠲᠤ ᠲᠤᠭᠲᠠᠯᠴᠠᠭ᠎ᠠ᠂ ᠣᠯᠠᠨ ᠡᠵᠡᠩᠨᠡᠯᠲᠡ ᠶᠢᠨ ᠭᠤᠤᠯ ᠴᠣᠭᠴᠠ ᠪᠠ ᠪᠦᠲᠦᠭᠡᠭᠳᠡᠬᠦᠨ︾ ᠤ ᠵᠠᠭᠪᠤᠷ | ᠶᠣᠰᠣᠭᠠᠷ᠂ ᠲᠥᠷᠥᠯ ᠲᠡᠮᠳᠡᠭ ᠤᠨ ᠡᠵᠡᠩᠨᠡᠯᠲᠡ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢ ᠵᠢᠷᠤᠮᠵᠢᠭᠤᠯᠤᠨ᠂ ᠲᠥᠷᠥᠯ | ᠲᠡᠮᠳᠡᠭ ᠤᠨ ᠡᠷᠬᠡ ᠣᠯᠭᠤᠨ ᠬᠡᠷᠡᠭᠯᠡᠬᠦ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠠᠵᠤ ᠠᠬᠤᠶᠢᠯᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠬᠦ᠂ ᠲᠥᠷᠥᠯ | ᠲᠡᠮᠳᠡᠭ ᠤᠨ ᠢᠲᠡᠭᠡᠯ ᠬᠦᠨᠳᠦ ᠶᠢ ᠤᠬᠠᠮᠰᠠᠷ ᠠᠴᠠ ᠪᠠᠨ ᠬᠠᠮᠠᠭᠠᠯᠠᠬᠤ ᠶᠢ ᠱᠠᠭᠠᠷᠳᠠᠵᠤ᠂ ᠬᠤᠳᠠᠯ ᠬᠠᠭᠤᠷᠮᠠᠭ᠂ | ᠡᠷᠬᠡ ᠳᠤ ᠬᠠᠯᠳᠠᠭᠰᠠᠨ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠣᠬᠢᠯᠲᠠ ᠥᠭᠬᠦ ᠡᠷᠴᠢᠮ ᠢ | ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ | ᠺᠣᠮᠫᠠᠨᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | |