︵ᠳᠣᠯᠤᠭ᠎ᠠ︶ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠲᠥᠪᠯᠡᠷᠡᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠠᠵᠤ ᠦᠢᠯᠡᠰ ᠤᠨ ᠬᠦᠷᠢᠶᠡᠯᠡᠩ ᠪᠣᠯᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠳᠠᠪᠠᠭᠤᠯᠢᠭ ᠣᠷᠣᠨ ᠵᠡᠷᠭᠡ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠢᠭᠡ ᠪᠦᠯᠦᠭ | ᠲᠦᠷᠦᠯ ᠲᠡᠮᠳᠡᠭ ᠢ ᠪᠣᠶ ᠪᠤᠯᠭᠠᠨ᠎ᠠ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠦᠨᠢᠶᠡᠨ ᠰᠦ᠂ | ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ | ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭ ᠢ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠶᠢ | ᠢᠳᠡᠪᠬᠢᠲᠡᠢ ᠵᠣᠬᠢᠶᠠᠨ ᠪᠠᠶᠢᠭᠤᠯᠵᠤ᠂ ᠭᠠᠵᠠᠷ ᠵᠦᠢ ᠶᠢᠨ ᠲᠡᠮᠳᠡᠭ ᠲᠠᠷᠢᠶᠠᠯᠠᠩ ᠤᠨ ᠪᠦᠲᠦᠭᠡᠭᠳᠡᠬᠦᠨ ᠢ ᠳᠠᠩᠰᠠᠯᠠᠨ | ᠬᠠᠮᠠᠭᠠᠯᠠᠬᠤ ᠪᠠᠷ ᠭᠤᠶᠤᠴᠢᠯᠠᠵᠤ᠂ ᠭᠠᠵᠠᠷ ᠵᠦᠢ ᠶᠢᠨ ᠲᠡᠮᠳᠡᠭ ᠲᠤᠰᠬᠠᠢ ᠲᠡᠮᠳᠡᠭ ᠢ ᠬᠡᠷᠡᠭᠯᠡᠨ᠂ ᠪᠣᠬᠢᠷᠲᠤᠯ ᠦᠭᠡᠢ᠂ | ᠣᠷᠭᠠᠨᠢᠭ᠂ ᠨᠡᠷᠡᠲᠦ᠂ ᠣᠨᠴᠠ᠂ ᠰᠢᠯᠢᠳᠡᠭ᠂ ᠰᠢᠨ᠎ᠡ ᠵᠡᠷᠭᠡ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠵᠣᠷᠢᠭᠵᠢᠭᠤᠯᠤᠨ ᠥᠷᠨᠢᠭᠦᠯᠦᠨ᠎ᠡ᠃ ︽ᠮᠣᠩᠭᠤᠯ ᠦᠰᠦᠭᠲᠦ | ᠲᠡᠮᠳᠡᠭ︾ ᠢᠶᠠᠷ ᠤᠳᠤᠷᠢᠳᠤᠮᠵᠢ ᠪᠣᠯᠭᠠᠵᠤ᠂ ᠳᠡᠭᠡᠳᠤ ᠵᠡᠷᠬᠡᠯᠡᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠢ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | | ︵ᠨᠠᠢᠮᠠ︶ ᠲᠥᠷᠥᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠤᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠦᠵᠡᠰᠬᠦᠯᠡᠩ᠂ ᠲᠦᠷᠦᠯ ᠲᠡᠮᠳᠡᠭ ᠢ ᠲᠠᠨᠢᠯᠴᠠᠭᠤᠯᠬᠤ ᠴᠤᠭᠯᠠᠭᠠᠨ᠂ ᠦᠢᠯᠡᠳᠪᠦᠷᠢᠯᠡᠯ | ᠪᠣᠷᠣᠯᠠᠭᠤᠯᠭ᠎ᠠ ᠶᠢ ᠵᠣᠯᠭᠠᠭᠤᠯᠬᠤ ᠴᠤᠭᠯᠠᠭᠠᠨ᠂ ᠠᠮᠲᠠᠲᠤ ᠢᠳᠡᠭᠡᠨ ᠤ ᠨᠠᠶᠢᠷ᠂ ᠰᠢᠨ᠎ᠡ ᠵᠠᠭᠤᠴᠢᠯᠠᠭᠤᠷ ᠵᠡᠷᠭᠡ | ᠡᠵᠡᠩᠨᠡᠨ ᠪᠣᠷᠣᠯᠠᠭᠤᠯᠬᠤ ᠲᠠᠪᠴᠠᠩ ᠢ ᠭᠦᠢᠴᠡᠳ ᠠᠰᠢᠭᠯᠠᠨ᠂ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ᠬᠥᠯᠥᠨ ᠪᠤᠶᠢᠷ ᠬᠤᠲᠠ ᠶᠢᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ | ᠲᠡᠮᠳᠡᠭ ᠢ ᠶᠡᠬᠡᠪᠡᠷ ᠤᠬᠠᠭᠤᠯᠤᠨ ᠲᠠᠨᠢᠯᠴᠠᠭᠤᠯᠤᠨ᠎ᠠ᠃ ᠰᠣᠶᠣᠯ ᠵᠢᠭᠤᠯᠴᠢᠯᠠᠯ ᠢ ᠤᠶᠠᠯᠳᠤᠭᠤᠯᠬᠤ ᠠᠵᠢᠯ ᠢ | ᠰᠠᠶᠢᠲᠤᠷ ᠬᠢᠵᠦ᠂ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠬᠤᠳᠠᠯᠳᠤᠭᠠᠨ ᠤ | ᠲᠣᠭᠤᠷᠢᠭ ᠵᠡᠷᠭᠡ ᠴᠢᠬᠤᠯᠠ ᠣᠷᠣᠨ ᠪᠦᠰᠡ ᠶᠢᠨ ᠵᠠᠷ ᠮᠡᠳᠡᠭᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ︽ | ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ + ᠵᠢᠭᠤᠯᠴᠢᠯᠠᠯ ᠤᠨ ᠦᠢᠯᠡᠰ︾ ᠤᠨ ᠵᠠᠭᠪᠤᠷ ᠢᠶᠠᠷ | ᠳᠠᠮᠵᠢᠭᠤᠯᠤᠨ᠂ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠶᠢᠨ | ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠴᠢᠨᠠᠷ ᠰᠠᠶᠢᠲᠠᠢ ᠰᠢᠯᠢᠳᠡᠭ ᠦᠨ᠎ᠡ ᠪᠠᠷ | ᠬᠠᠷᠠᠯᠲᠠ ᠪᠣᠯᠭᠠᠵᠤ᠂ ᠲᠦᠷᠦᠯ ᠲᠡᠮᠳᠡᠭ ᠤᠨ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠪᠡᠭᠡᠵᠢᠩ᠂ ᠱᠠᠩᠬᠠᠢ᠂ ᠱᠧᠨᠵᠧᠨ ᠵᠡᠷᠭᠡ ᠨᠢᠭᠡᠳᠦᠭᠡᠷ ᠹᠷᠣᠨᠲ ᠤᠨ ᠬᠤᠳᠠ ᠶᠢᠨ ᠳᠡᠭᠡᠳᠦ ᠵᠡᠷᠭᠡᠯᠡᠯ ᠤᠨ | ᠪᠣᠷᠣᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠨᠠᠷᠢᠯᠢᠭ ᠣᠨᠣᠴᠠᠲᠠᠢ ᠡᠵᠡᠩᠨᠡᠨ ᠪᠣᠷᠣᠯᠠᠭᠤᠯᠬᠤ | ᠦᠢᠯᠡᠴᠢᠯᠡᠭᠡ ᠶᠢ ᠠᠭᠤᠰᠤᠯᠳᠤᠭᠤᠯᠤᠨ ᠬᠡᠷᠡᠭᠵᠢᠭᠦᠯᠦᠨ᠎ᠡ᠃ ᠤᠯᠠᠮᠵᠢᠯᠠᠯᠲᠤ ᠡᠵᠡᠩᠨᠡᠨ ᠪᠣᠷᠣᠯᠠᠭᠤᠯᠤᠯᠲᠠ ᠪᠠ ᠤᠳᠤ | ᠦᠶ᠎ᠡ ᠶᠢᠨ ᠡᠵᠡᠩᠨᠡᠨ ᠪᠣᠷᠣᠯᠠᠭᠤᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠢᠨᠲ᠋ᠧᠷ ᠰᠦᠯᠵᠢᠶ᠎ᠡ᠂ | ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ | ᠬᠥᠯᠥᠨ ᠪᠤᠶᠢᠷ ᠤᠨ ᠡᠳ᠋ ᠪᠠᠷᠠᠭ᠎ᠠ ᠬᠠᠩᠭᠠᠬᠤ ᠬᠡᠯᠬᠢᠶ᠎ᠡ ᠶᠢᠨ ᠲᠠᠪᠴᠠᠩ ᠤᠨ ᠡᠵᠡᠩᠨᠡᠯᠲᠡ ᠶᠢ ᠦᠷᠭᠦᠯᠵᠢᠯᠡᠨ ᠰᠠᠶᠢᠲᠤᠷ | ᠬᠢᠵᠦ᠂ ᠵᠢᠩ ᠳ᠋ᠦᠩ᠂ ᠲᠢᠶᠠᠨ ᠮᠤᠤ᠂ ᠰᠦ᠋ ᠨᠢᠩ ᠵᠡᠷᠭᠡ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠲᠠᠢ | ᠬᠠᠮᠲᠤᠷᠠᠯᠴᠠᠵᠤ᠂ ᠬᠥᠯᠥᠨ ᠪᠤᠶᠢᠷ ᠤᠨ ᠣᠨᠴᠠᠯᠢᠭᠲᠤ ᠪᠦᠲᠦᠭᠡᠭᠳᠡᠬᠦᠨ ᠤ ᠣᠷᠳᠣᠨ ᠢ ᠪᠠᠶᠢᠭᠤᠯᠤᠨ᠎ᠠ᠃ ᠳᠤᠮᠳᠠᠳᠤ | ᠣᠷᠣᠰ ᠮᠣᠩᠭᠤᠯ ᠤᠨ ᠪᠣᠳᠠᠰ ᠤᠨ ᠭᠠᠷᠤᠯᠲᠠ ᠶᠢᠨ ᠦᠵᠡᠭᠦᠯᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠯᠥᠨ ᠪᠤᠶᠢᠷ ᠤᠨ ᠪᠣᠳᠠᠰ ᠤᠨ ᠭᠠᠷᠤᠯᠲᠠ ᠶᠢᠨ ᠬᠤᠰᠢᠭᠤᠴᠢ | ᠳᠡᠯᠭᠡᠭᠦᠷ ᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ | ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ | ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃ | |