ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | | | ︵ᠨᠢᠭᠡ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 3 ᠰᠠᠷ᠎ᠠ — 2021 | ᠣᠨ ᠤ 12 ᠰᠠᠷ᠎ᠠ︶᠃ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠨ᠂ | ᠭᠤᠤᠯᠳᠠᠯᠭ᠎ᠠ ᠲᠠᠢ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠠᠭᠤᠷᠢ ᠠᠵᠢᠯ ᠢ | ᠪᠥᠬᠦ ᠲᠠᠯ᠎ᠠ ᠪᠠᠷ ᠥᠷᠨᠢᠭᠦᠯᠦᠨ᠎ᠡ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ | ᠦᠨᠢᠶᠡᠨ ᠰᠦ᠂ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ | ᠵᠡᠷᠭᠡ 8 ᠲᠣᠮᠣ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠵᠢᠷᠤᠮᠵᠢᠭᠤᠯᠤᠨ | ᠲᠣᠭᠲᠠᠭᠠᠬᠤ ᠶᠢ ᠴᠢᠩᠭᠠᠳᠬᠠᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ | ᠭᠤᠶᠤᠴᠢᠯᠠᠨ ᠡᠷᠬᠡ ᠣᠯᠭᠤᠵᠤ ᠬᠡᠷᠡᠭᠯᠡᠭᠦᠯᠬᠦ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠬᠥᠯᠥᠨ ᠪᠤᠶᠢᠷ ᠤᠨ | ᠲᠠᠯ᠎ᠠ ᠨᠤᠲᠤᠭ ᠤᠨ ᠬᠤᠨᠢᠨ ᠤ ᠮᠢᠬᠠᠨ ᠤ ᠠᠵᠤ ᠦᠢᠯᠡᠰ ᠤᠨ ᠶᠠᠰᠤ ᠴᠢᠨᠠᠷ ᠤᠨ ᠪᠠᠲᠤᠯᠠᠭ᠎ᠠ ᠬᠢᠭᠡᠳ ᠮᠦᠷᠳᠡᠬᠦ | ᠬᠠᠮᠢᠶᠠᠷᠤᠯᠲᠠ ᠶᠢᠨ ᠲᠠᠪᠴᠠᠩ ᠤᠨ ᠬᠠᠮᠢᠶᠠᠷᠤᠯᠲᠠ ᠵᠢᠴᠢ ᠲᠠᠯ᠎ᠠ ᠨᠤᠲᠤᠭ ᠤᠨ ᠬᠤᠨᠢᠨ ᠤ ᠮᠡᠳᠡᠭᠡ ᠵᠠᠩᠭᠢ ᠶᠢ | ᠮᠦᠷᠳᠡᠬᠦ ᠶᠢ ᠠᠬᠢᠭᠤᠯᠵᠤ᠂ ᠮᠦᠷᠳᠡᠬᠦ ᠲᠠᠪᠴᠠᠩ ᠤᠨ ᠬᠤᠷᠰᠢᠭᠰᠠᠨ ᠠᠵᠤ ᠠᠬᠤᠶᠢᠯᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ᠂ ᠲᠥᠷᠥᠯ ᠲᠡᠮᠳᠡᠭ ᠤᠨ | ᠢᠯᠭᠠᠬᠤ ᠲᠡᠮᠳᠡᠭ᠂ ᠤᠬᠠᠭᠤᠯᠭ᠎ᠠ ᠶᠢᠨ ᠸᠢᠳᠢᠤ᠋ ᠶᠢ ᠢᠳᠡᠪᠬᠢᠲᠡᠶ ᠪᠠᠷ ᠰᠠᠶᠢᠲᠤᠷ ᠬᠢᠨ᠎ᠠ᠃ ᠬᠥᠯᠥᠨ ᠪᠤᠶᠢᠷ ᠤᠨ ᠡᠳ᠋ | ᠪᠠᠷᠠᠭᠠᠨ ᠤ ᠬᠠᠩᠭᠠᠯᠭ᠎ᠠ ᠶᠢᠨ ᠬᠡᠯᠬᠢᠶᠡᠨ ᠤ ᠲᠠᠪᠴᠠᠩ ᠤᠨ ᠡᠵᠡᠩᠨᠡᠯᠲᠡ ᠶᠢ ᠪᠠᠬᠢᠵᠢᠭᠦᠯᠵᠦ᠂ ᠲᠤᠤ ᠪᠦᠦ᠂ ᠵᠢᠩ | ᠳ᠋ᠦᠩ᠂ ᠶᠢᠦ ᠽᠠᠨ ᠵᠡᠷᠭᠡ ᠰᠦᠯᠵᠢᠶᠡᠨ ᠳᠡᠭᠡᠷᠡᠬᠢ ᠬᠤᠰᠢᠭᠤᠴᠢ ᠳᠡᠯᠭᠡᠭᠦᠷ ᠨᠡᠭᠡᠭᠡᠨ᠎ᠡ᠃ ᠤᠯᠤᠰ ᠤᠨ | ᠳᠣᠲᠣᠭᠠᠳᠤ ᠶᠢᠨ ᠲᠠᠷᠢᠶᠠᠯᠠᠩ ᠤᠨ ᠤᠯᠠᠨ ᠪᠦᠲᠦᠭᠡᠭᠳᠡᠬᠦᠨ ᠤ ᠳᠤᠮᠳᠠ ᠳᠡᠭᠡᠳᠦ ᠵᠡᠷᠭᠡᠯᠡᠯ ᠤᠨ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠲᠠᠢ ᠬᠤᠯᠪᠣᠭᠠᠯᠠᠨ᠂ | ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠷᠣᠯᠠᠭᠤᠯᠬᠤ ᠠᠵᠢᠯ ᠢ ᠥᠷᠨᠢᠭᠦᠯᠦᠨ᠎ᠡ᠃ | | ︵ᠬᠤᠶᠠᠷ︶ ᠪᠥᠬᠦ ᠲᠠᠯ᠎ᠠ ᠪᠠᠷ ᠪᠠᠬᠢᠵᠢᠭᠦᠯᠬᠦ ᠱᠠᠲᠤ ᠦᠶ᠎ᠡ ︵2022 ᠣᠨ ᠤ 1 ᠰᠠᠷ᠎ᠠ — 2022 | ᠣᠨ ᠤ 12 ᠰᠠᠷ᠎ᠠ︶᠃ ᠲᠥᠷᠥᠯ ᠲᠡᠮᠳᠡᠭᠲᠦ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠤᠭᠲᠠᠯᠴᠠᠭ᠎ᠠ ᠶᠢ | ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠵᠡᠷᠭᠡ ᠲᠤᠰᠬᠠᠶ | ᠪᠠᠶᠢᠭᠤᠯᠤᠮᠵᠢ ᠳᠤ ᠨᠠᠶᠢᠳᠠᠨ ᠦᠬᠡᠷ ᠤᠨ ᠮᠢᠬ᠎ᠠ᠂ ᠰᠢᠷ᠎ᠠ ᠪᠤᠷᠴᠠᠭ᠂ ᠦᠨᠢᠶᠡᠨ ᠰᠦ᠂ ᠬᠠᠷ᠎ᠠ ᠳᠠᠯᠳᠠᠤ ᠵᠡᠷᠭᠡ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠨ᠎ᠠ | ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠲᠡᠮᠳᠡᠭ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠡᠬᠢ ᠪᠠᠶᠠᠯᠢᠭ ᠤᠨ ᠤᠤᠭᠠᠯ ᠥᠯᠢᠭᠡᠷ ᠢ ᠰᠠᠶᠢᠲᠤᠷ ᠶᠠᠷᠢᠨ᠎ᠠ᠃ | ᠬᠥᠬᠡᠬᠤᠲᠠ ᠵᠢᠴᠢ ᠬᠥᠯᠥᠨ ᠪᠤᠶᠢᠷ ᠤᠨ ᠣᠷᠣᠨ ᠪᠦᠰᠡ ᠶᠢᠨ ᠳᠣᠲᠣᠷᠠᠬᠢ ᠨᠢᠰᠬᠡᠯ ᠤᠨ ᠪᠠᠭᠤᠳᠠᠯ ᠤᠨ | ᠭᠤᠤᠯᠳᠠᠯᠭ᠎ᠠ ᠲᠠᠢ ᠭᠠᠵᠠᠷ ᠲᠤ ᠭᠤᠤᠯᠳᠠᠯᠭ᠎ᠠ ᠲᠠᠢ ᠵᠠᠷ ᠮᠡᠳᠡᠭᠡ ᠲᠠᠯᠪᠢᠨ᠎ᠠ᠃ ᠤᠯᠤᠰ ᠤᠨ ᠳᠣᠲᠣᠭᠠᠳᠤ ᠶᠢᠨ ᠡᠯ᠎ᠡ | ᠶᠡᠭᠡ ᠦᠵᠡᠰᠬᠦᠯᠡᠩ ᠢ ᠠᠰᠢᠭᠯᠠᠨ ᠲᠥᠷᠥᠯ ᠲᠡᠮᠳᠡᠭ ᠢ ᠲᠠᠨᠢᠯᠴᠠᠭᠤᠯᠵᠤ᠂ ᠲᠥᠷᠥᠯ ᠲᠡᠮᠳᠡᠭ ᠤᠨ ᠳᠦᠷᠢ | ᠲᠥᠷᠬᠦ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠳᠤᠮᠳᠠ ᠳᠡᠭᠡᠳᠦ ᠵᠡᠷᠭᠡᠯᠡᠯ ᠤᠨ ᠠᠷᠭ᠎ᠠ ᠵᠠᠮ ᠢ | ᠥᠷᠭᠡᠳᠬᠡᠨ᠂ ᠰᠦᠯᠵᠢᠶᠡᠨ ᠳᠡᠭᠡᠷᠡᠬᠢ ᠠᠷᠭ᠎ᠠ ᠵᠠᠮ ᠢ ᠪᠠᠶᠢᠷᠢᠰᠢᠭᠤᠯᠵᠤ᠂ ᠰᠦᠯᠵᠢᠶᠡᠨ ᠭᠠᠳᠠᠨᠠᠬᠢ ᠡᠭᠦᠳᠡᠨ | ᠳᠡᠯᠭᠡᠭᠦᠷ ᠢ ᠪᠥᠲᠥᠭᠡᠨ ᠪᠠᠶᠢᠭᠤᠯᠤᠨ᠎ᠠ᠃ ᠪᠦᠬᠦ ᠠᠷᠭ᠎ᠠ ᠵᠠᠮ ᠢᠶᠠᠷ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ | ᠥᠷᠨᠢᠭᠦᠯᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠮᠦᠷᠳᠡᠬᠦ ᠲᠦᠪᠰᠢᠨ ᠢ ᠠᠯᠬᠤᠮ | ᠴᠢᠨᠠᠭᠰᠢᠳᠠ ᠳᠡᠭᠡᠭᠰᠢᠯᠡᠭᠦᠯᠦᠨ᠎ᠡ᠃ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ |