︵ᠭᠤᠷᠪᠠ︶ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠲᠤ ᠦᠶ᠎ᠡ ︵2023 ᠣᠨ ᠤ 1 ᠰᠠᠷ᠎ᠠ — | 2023 ᠣᠨ ᠤ 11 ᠰᠠᠷ᠎ᠠ︶᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠢᠨᠠᠨ | ᠬᠠᠮᠢᠶᠠᠷᠬᠤ ᠵᠢᠴᠢ ᠪᠠᠷᠢᠮᠵᠢᠶ᠎ᠠ ᠶᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠷᠬᠡ ᠣᠯᠭᠤᠭᠰᠠᠨ | ᠠᠵᠤ ᠠᠬᠤᠶᠢᠯᠠᠯ ᠳᠤ ᠬᠥᠳᠡᠯᠦᠩᠭᠦᠶ ᠪᠠᠷ ᠬᠢᠨᠠᠨ ᠰᠢᠨᠵᠢᠬᠦ᠂ ᠣᠷᠣᠭᠤᠯᠬᠤ ᠪᠠ ᠭᠠᠷᠭᠠᠬᠤ ᠶᠢ ᠭᠦᠢᠴᠡᠳᠬᠡᠨ᠎ᠡ᠃ | ᠪᠦᠬᠦ ᠤᠯᠤᠰ ᠤᠨ ᠨᠡᠯᠢᠶᠡᠳ ᠶᠡᠭᠡ ᠠᠯᠳᠠᠷᠰᠢᠯ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ | ᠲᠡᠮᠳᠡᠭ ᠢ 2 ᠠᠴᠠ ᠳᠡᠭᠡᠭᠰᠢ ᠳᠤ ᠬᠦᠷᠦᠭᠦᠯᠵᠦ᠂ ᠬᠥᠯᠥᠨ ᠪᠤᠶᠢᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠤᠯᠤᠰ ᠤᠨ ᠲᠡᠷᠢᠭᠦᠨ ᠪᠠᠶᠢᠷᠢᠨ ᠳᠤ | ᠣᠷᠣᠭᠤᠯᠬᠤ ᠪᠠᠷ ᠴᠢᠷᠮᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠮᠦᠷᠳᠡᠬᠦ ᠲᠤᠭᠲᠠᠯᠴᠠᠭ᠎ᠠ ᠶᠢ ᠦᠷᠭᠦᠯᠵᠢᠯᠡᠨ ᠲᠠᠰ ᠳᠡᠪᠰᠢᠭᠦᠯᠵᠦ᠂ ᠣᠶᠤᠨᠴᠢ ᠲᠠᠷᠢᠶᠠᠯᠠᠩ ᠤᠨ ᠲᠤᠭᠲᠠᠯᠴᠠᠭ᠎ᠠ ᠶᠢ | ᠠᠩᠬ᠎ᠠ ᠠᠯᠬᠤᠮ ᠪᠠᠶᠢᠭᠤᠯᠤᠨ᠂ ᠲᠣᠭᠠᠴᠢᠯᠠᠭᠰᠠᠨ ᠮᠡᠷᠭᠡᠵᠢᠯ ᠤᠨ ᠮᠦᠷᠳᠡᠬᠦ ᠮᠡᠷᠭᠡᠵᠢᠯ ᠢ ᠠᠯᠬᠤᠮ ᠠᠯᠬᠤᠮ ᠢᠶᠠᠷ | ᠬᠡᠷᠡᠭᠯᠡᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠲᠥᠷᠥᠯ ᠤᠨ ᠮᠦᠷᠳᠡᠬᠦ ᠶᠢ | ᠪᠡᠶᠡᠯᠡᠭᠦᠯᠦᠨ᠂ ᠬᠥᠯᠥᠨ ᠪᠤᠶᠢᠷ ᠤᠨ ᠶᠠᠰᠤ ᠴᠢᠨᠠᠷ ᠤᠨ ᠮᠦᠷᠳᠡᠬᠦ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠥᠬᠦ | ᠤᠯᠤᠰ ᠤᠨ ᠲᠡᠷᠢᠭᠦᠨ ᠤ ᠲᠦᠪᠰᠢᠨ ᠳᠤ ᠬᠦᠷᠦᠭᠦᠯᠬᠦ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ᠂ | ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠤ | ᠬᠥᠯᠥᠨ ᠪᠤᠶᠢᠷ ᠤᠨ ᠡᠳ᠋ ᠭᠠᠷᠤᠯᠲᠠ ᠶᠢᠨ ᠬᠤᠰᠢᠭᠤᠴᠢ ᠳᠡᠯᠭᠡᠭᠦᠷ ᠢ ᠦᠷᠭᠦᠯᠵᠢᠯᠡᠨ ᠪᠠᠶᠢᠭᠤᠯᠤᠨ᠎ᠠ᠃ ᠭᠤᠣᠯ | ᠪᠣᠯᠬᠤ ᠳᠤᠮᠳᠠ ᠳᠡᠭᠡᠳᠤ ᠵᠡᠷᠭᠡᠯᠡᠯ ᠤᠨ ᠠᠷᠭ᠎ᠠ ᠵᠠᠮ ᠢ ᠥᠷᠭᠡᠳᠬᠡᠵᠦ᠂ ᠬᠥᠯᠥᠨ ᠪᠤᠶᠢᠷ ᠤᠨ ᠲᠠᠷᠢᠶᠠᠯᠠᠩ ᠤᠨ | ᠪᠦᠲᠦᠭᠡᠭᠳᠡᠬᠦᠨ ᠢ ᠪᠦᠬᠦᠨ ᠢ ᠪᠦᠷᠬᠦᠭᠦᠯᠦᠨ᠎ᠡ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠵᠢᠴᠢ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠡ᠃ ᠬᠤᠰᠢᠭᠤᠴᠢ ᠳᠡᠯᠭᠡᠭᠦᠷ᠂ ᠠᠷᠭ᠎ᠠ ᠵᠠᠮ᠂ ᠲᠦᠷᠦᠯ ᠲᠡᠮᠳᠡᠭ ᠤᠨ | ᠤᠬᠠᠭᠤᠯᠭ᠎ᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ | ᠨᠥᠯᠥᠭᠡᠯᠡᠬᠦ ᠬᠦᠴᠦᠨ ᠪᠠ ᠳᠡᠭᠡᠳᠤ ᠵᠡᠷᠭᠡᠯᠡᠯ ᠤᠨ ᠠᠷᠭ᠎ᠠ ᠵᠠᠮ ᠤᠨ ᠡᠵᠡᠯᠡᠬᠦ ᠨᠣᠷᠮ᠎ᠠ ᠶᠢ ᠠᠯᠬᠤᠮ ᠴᠢᠨᠠᠭᠰᠢᠳᠠ | ᠳᠡᠭᠡᠭᠰᠢᠯᠡᠭᠦᠯᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠ ᠳᠡᠭᠡᠳᠤ ᠵᠡᠷᠭᠡᠯᠡᠯ ᠤᠨ | ᠬᠡᠷᠡᠭᠯᠡᠭᠡᠨ ᠤ ᠵᠠᠬ᠎ᠠ ᠳᠡᠯᠭᠡᠭᠦᠷ ᠤᠨ ᠭᠤᠣᠯ ᠪᠣᠯᠬᠤ ᠬᠡᠷᠡᠭᠯᠡᠭᠡᠨ ᠤ ᠪᠦᠲᠦᠭᠡᠭᠳᠡᠬᠦᠨ ᠪᠣᠯᠭᠠᠬᠤ ᠪᠠᠷ ᠴᠢᠷᠮᠠᠶᠢᠨ᠎ᠠ᠃ | ᠬᠥᠯᠥᠨ ᠪᠤᠶᠢᠷ ᠤᠨ ᠮᠠᠯ ᠤᠨ ᠠᠰᠢᠭ ᠰᠢᠮ᠎ᠡ ᠣᠶ ᠶᠢᠨ ᠭᠠᠷᠤᠯᠳᠠ ᠲᠠᠷᠢᠶᠠᠯᠠᠩ ᠤᠨ ᠪᠦᠲᠦᠭᠡᠭᠳᠡᠬᠦᠨ ᠤ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠡᠰᠢᠲᠦ ᠡᠵᠡᠩᠨᠡᠯᠲᠡ ᠶᠢᠨ ᠪᠠᠶᠢᠳᠠᠯ ᠢ ᠪᠣᠶ ᠪᠣᠯᠭᠠᠨ᠂ ᠠᠵᠤ | ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠢᠶᠠᠷ ᠳᠠᠮᠵᠢᠭᠤᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰᠵᠢᠯᠲᠡ ᠶᠢᠨ ᠡᠯ᠎ᠡ ᠭᠤᠭᠴᠤᠭ᠎ᠠ ᠶᠢᠨ ᠬᠥᠭᠵᠢᠯᠲᠡ ᠬᠢᠭᠡᠳ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠳᠡᠮᠵᠢᠵᠦ᠂ ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠮᠠᠯ ᠤᠨ ᠠᠰᠢᠭ ᠰᠢᠮ᠎ᠡ ᠣᠶ ᠶᠢᠨ ᠭᠠᠷᠤᠯᠳᠠ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ | ᠴᠢᠬᠤᠯᠠ ᠲᠤᠯᠭᠠᠭᠤᠷᠢᠯᠠᠬᠤ ᠴᠡᠭ ᠪᠣᠯᠤᠨ᠎ᠠ᠃ | | ︵ᠳᠥᠷᠪᠡ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠰᠠᠷ᠎ᠠ — 12 ᠰᠠᠷ᠎ᠠ︶ | ᠃ ᠪᠥᠬᠦ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ | ᠵᠢᠱᠢᠵᠦ ᠰᠢᠯᠭᠠᠨ ᠬᠤᠷᠢᠶᠠᠵᠤ᠂ ᠲᠤᠷᠰᠢᠯᠭ᠎ᠠ ᠪᠠᠨ ᠳ᠋ᠦᠩᠨᠡᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ | ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ | ᠵᠣᠬᠢᠴᠠᠭᠤᠯᠬᠤ ᠲᠣᠭᠲᠠᠴᠠ ᠶᠢ ᠵᠢᠷᠤᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ | ᠳᠡᠭᠡᠭᠰᠢᠯᠡᠬᠦᠯᠬᠦ ᠶᠢ ᠪᠡᠶᠡᠯᠡᠬᠦᠯᠵᠦ᠂ ᠲᠥᠷᠥᠯ ᠲᠡᠮᠳᠡᠭ ᠤᠨ ᠦᠨ᠎ᠡ ᠥᠷᠲᠡᠭ ᠢ ᠲᠠᠰᠤᠷᠠᠯᠲᠠ ᠥᠬᠡᠶ ᠠᠬᠢᠭᠤᠯᠤᠨ | ᠳᠡᠪᠰᠢᠬᠦᠯᠦᠨ᠎ᠡ᠃ | |