︵ᠠᠷᠪᠠ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
 ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠬᠤᠪᠢᠳᠠᠨ ᠬᠠᠮᠢᠶᠠᠷᠴᠤ ᠪᠦᠬᠦᠢ ᠳᠡᠳ᠋ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠲᠦᠷᠦᠭᠦᠯᠡᠬᠦ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠵᠢᠴᠢ ᠬᠤᠰᠢᠭᠤ ᠬᠤᠲᠠ ᠲᠣᠭᠤᠷᠢᠭ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠡᠯ᠎ᠡ ᠬᠤᠰᠢᠭᠤ ᠬᠤᠲᠠ ᠲᠣᠭᠤᠷᠢᠭ ᠨᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠭᠠᠵᠤ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠲᠥᠰᠦᠪᠯᠡᠨ ᠪᠠᠶᠢᠷᠢᠯᠠᠭᠤᠯᠬᠤ ᠳᠤ ᠣᠷᠣᠭᠤᠯᠤᠨ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠤᠨ᠂ ᠠᠵᠤ ᠦᠢᠯᠡᠰ ᠤᠨ ᠣᠨᠴᠠᠯᠢᠭ ᠢᠶᠠᠨ ᠳᠣᠪᠤᠶᠢᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠤᠭᠲᠠᠭᠠᠨ᠎ᠠ᠃ ᠤᠳᠤᠷᠢᠳᠬᠤ ᠳᠤᠭᠤᠶᠢᠯᠠᠩ ᠨᠢ ᠲᠥᠷᠥᠯ ᠲᠡᠮᠳᠡᠭ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠲᠤᠷᠠᠯ ᠬᠦᠴᠦᠨ ᠢ ᠦᠨᠡᠨ ᠬᠦ ᠪᠣᠶ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠯᠬᠤᠴᠠ ᠶᠢ ᠠᠯᠬᠤᠮ ᠴᠢᠨᠠᠭᠰᠢᠳᠠ ᠲᠦᠷᠭᠡᠳᠬᠡᠨ᠎ᠡ᠃    ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠰᠠᠯᠠᠭ᠎ᠠ ᠮᠥᠴᠢᠷ ᠵᠢᠴᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠨᠢ ᠡᠭᠦᠷᠭᠡ ᠴᠢᠳᠠᠪᠬᠢ ᠪᠠᠨ ᠦᠨᠳᠦᠰᠦᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠪᠠ ᠠᠵᠢᠯᠯᠠᠭᠤᠯᠤᠨ ᠬᠠᠮᠢᠶᠠᠷᠴᠤ᠂ ᠬᠠᠮᠢᠶ᠎ᠠ ᠪᠥᠬᠦᠶ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠢᠯᠭᠠᠨ ᠬᠢᠨᠠᠬᠤ ᠯᠤᠭ᠎ᠠ ᠵᠣᠯᠭᠠᠭᠤᠯᠤᠨ᠎ᠠ᠃ ᠤᠨ ᠵᠢᠯ ᠢᠶᠠᠷ ᠨᠢ ᠬᠤᠪᠢᠶᠠᠵᠤ᠂ ᠲᠥᠯᠥᠪᠯᠡᠭᠡ ᠶᠣᠰᠣᠭᠠᠷ᠂ ᠠᠯᠬᠤᠮ ᠳᠠᠷᠠᠭ᠎ᠠ ᠲᠠᠢ ᠪᠠᠷ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ ᠬᠥᠭᠵᠢᠭᠦᠯᠵᠦ᠂ ᠳᠡᠰ ᠳᠠᠪᠬᠤᠷᠭ᠎ᠠ ᠪᠠᠷ ᠠᠬᠢᠭᠤᠯᠬᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠲᠣᠭᠲᠠᠴᠠ ᠶᠢ ᠪᠠᠶᠢᠭᠤᠯᠤᠨ᠂ ᠠᠯᠬᠤᠮ ᠳᠠᠷᠠᠭ᠎ᠠ ᠲᠠᠢ ᠪᠠᠷ᠂ ᠱᠠᠲᠤ ᠳᠡᠰ ᠢᠶᠠᠷ ᠠᠬᠢᠭᠤᠯᠵᠤ᠂ ︽ᠨᠢᠭᠡ ᠪᠦᠯᠦᠭ ᠢ ᠪᠤᠶᠢᠵᠢᠭᠤᠯᠬᠤ᠂ ᠨᠢᠭᠡ ᠪᠦᠯᠦᠭ ᠢ ᠳᠡᠭᠡᠭᠰᠢᠯᠡᠭᠦᠯᠬᠦ᠂ ᠨᠢᠭᠡ ᠪᠦᠯᠦᠭ ᠢ ᠲᠠᠨᠢᠯᠴᠠᠭᠤᠯᠬᠤ᠂ ᠨᠢᠭᠡ ᠪᠦᠯᠦᠭ ᠢ ᠨᠥᠭᠡᠴᠡᠯᠡᠬᠦ︾ ᠬᠥᠭᠵᠢᠯᠲᠡ ᠶᠢᠨ ᠰᠢᠨ᠎ᠡ ᠲᠤᠭᠲᠠᠮᠵᠢ ᠶᠢ ᠲᠦᠷᠭᠡᠳᠬᠡᠨ ᠪᠦᠷᠢᠯᠳᠦᠭᠦᠯᠦᠨ᠎ᠡ᠃   ︵ᠭᠤᠷᠪᠠ︶ ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠪᠣᠶ ᠪᠤᠯᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠬᠢᠭᠡᠳ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢ ᠳᠡᠮᠵᠢᠬᠦ ᠶᠢ ᠬᠦᠲᠦᠯᠦᠨ ᠵᠢᠯᠤᠭᠤᠳᠴᠤ᠂ ᠪᠠᠯᠠ ᠣᠷᠣᠭᠤᠯᠵᠤ ᠲᠣᠬᠢᠷᠠᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠯᠠ ᠮᠥᠩᠭᠦ ᠶᠢᠨ ᠢᠷᠡᠯᠲᠡ ᠶᠢᠨ ᠵᠠᠮ ᠮᠥᠷ ᠢ ᠥᠷᠭᠡᠳᠬᠡᠨ᠎ᠡ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号