︵ᠨᠢᠭᠡ︶ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/3/14
    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠠᠯᠬᠤᠮ ᠴᠢᠨᠠᠭᠰᠢᠳᠠ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ᠂ ᠪᠠᠯᠠ ᠮᠥᠩᠭᠦᠨ ᠤ ᠬᠡᠯᠬᠢᠶ᠎ᠡ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠴᠢᠨᠠᠷ ᠰᠠᠶᠢᠲᠠᠶ ᠬᠥᠭᠵᠢᠯᠲᠡ ᠪᠠ ᠣᠳᠣᠬᠢᠴᠢᠯᠠᠭᠰᠠᠨ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠳᠤᠤᠷᠠᠬᠢ ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠪᠠ᠃   ᠨᠢᠭᠡ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃   ᠠᠵᠤ ᠠᠬᠤᠶᠢᠯᠠᠯ ᠳᠤ ᠤᠯᠤᠰ ᠤᠨ ᠬᠠᠮᠢᠶ᠎ᠠ ᠪᠥᠬᠦᠶ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢᠨ ᠬᠠᠮᠲᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠣᠷᠣᠭᠤᠯᠤᠭᠰᠠᠨ ᠪᠠᠯᠠ ᠮᠥᠩᠭᠦ ᠶᠢᠨ ᠨᠥᠬᠦᠪᠥᠷᠢ ᠦᠭᠭᠦᠨ᠎ᠡ᠃    ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠣᠷᠣᠭᠤᠯᠤᠭᠰᠠᠨ ᠪᠠᠯᠠ ᠮᠥᠩᠭᠦ ᠨᠢ    1.100 ᠲᠦᠮᠡᠨ ᠲᠥᠭᠦᠷᠢᠭ ᠠᠴᠠ ᠳᠤᠷᠤᠭᠰᠢᠬᠢ ᠶᠢ 5%      ᠪᠠᠷ ᠨᠥᠬᠦᠪᠥᠷᠢ ᠦᠭᠭᠦᠨ᠎ᠡ᠃    2.100 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ᠤᠨ ᠬᠢ ᠶᠢ ᠳᠠᠪᠠᠭᠤᠯᠤᠭᠰᠠᠨ ᠨᠤᠷᠮ᠎ᠠ ᠶᠢ ᠬᠤᠷᠠᠮᠳᠤᠭᠤᠯᠤᠭᠠᠳ 3%      ᠪᠠᠷ ᠨᠥᠬᠦᠪᠥᠷᠢ ᠦᠭᠭᠦᠨ᠎ᠡ᠃   3.1000 ᠲᠦᠮᠡᠨ ᠲᠥᠭᠦᠷᠢᠭ ᠠᠴᠠ ᠳᠡᠭᠡᠭᠰᠢᠬᠢ ᠶᠢ ᠳᠠᠪᠠᠭᠤᠯᠤᠭᠰᠠᠨ ᠨᠤᠷᠮ᠎ᠠ ᠶᠢ ᠬᠤᠷᠠᠮᠳᠤᠭᠤᠯᠤᠭᠠᠳ 2%      ᠢᠶᠠᠷ ᠨᠥᠬᠦᠪᠥᠷᠢ ᠦᠭᠭᠦᠨ᠎ᠡ᠃  ᠲᠠᠩ ᠭᠠᠭᠴᠠ ᠠᠵᠤ ᠠᠬᠤᠶᠢᠯᠠᠯ ᠤᠨ ᠵᠢᠯ ᠪᠦᠷᠢ ᠶᠢᠨ ᠬᠠᠮᠤᠭ ᠤᠨ ᠥᠨᠳᠥᠷ ᠨᠥᠬᠦᠪᠥᠷᠢ 500 ᠲᠦᠮᠡᠨ ᠲᠥᠭᠦᠷᠢᠭ ᠢ ᠮᠡᠷᠭᠡᠵᠢᠯ ᠤᠨ ᠰᠤᠳᠤᠯᠤᠨ ᠨᠡᠭᠡᠭᠡᠯᠳᠡ ᠳᠤ ᠬᠡᠷᠡᠭᠯᠡᠨ᠎ᠡ ︵ᠥᠪᠡᠷᠲᠡᠭᠡᠨ ᠵᠠᠰᠠᠬᠤ ᠣᠷᠣᠨ ᠠᠴᠠ ᠦᠷᠬᠦᠯᠵᠢᠯᠡᠯ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠡᠶᠢᠳᠡᠯᠡᠪᠡᠯ᠂ ᠬᠠᠮᠤᠭ ᠤᠨ ᠬᠠᠷᠠᠭᠠᠯᠵᠠᠯᠳᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ︶᠃   ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠱᠠᠲᠤᠯᠢᠭ ᠪᠤᠶᠢᠵᠢᠭᠤᠯᠬᠤ ᠲᠤᠭᠲᠠᠯᠴᠠᠭ᠎ᠠ ᠶᠢ ᠪᠤᠶ ᠪᠣᠯᠭᠠᠨ᠎ᠠ᠃    1. ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠤᠰᠪᠤᠷᠢ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ᠂ 50 ᠲᠦᠮᠡᠨ ᠲᠥᠭᠦᠷᠢᠭ᠌ ᠤᠨ ᠵᠠᠷᠤᠳᠠᠯ ᠤᠨ ᠨᠥᠬᠦᠪᠥᠷᠢ ᠣᠯᠭᠤᠨ᠎ᠠ᠃   2. ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠰᠢᠩ ᠴᠤᠸᠠᠩ ᠲᠢᠶᠠᠨ ᠳ᠋ᠢ ᠵᠡᠷᠭᠡ ᠨᠡᠪᠴᠢᠬᠦᠯᠬᠦ ᠪᠠᠶᠢᠭᠤᠯᠤᠮᠵᠢ ᠳᠤ ᠲᠤᠰᠪᠤᠷᠢ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃    3. ᠪᠦᠲᠦᠭᠡᠨ ᠪᠠᠶᠢᠭᠤᠯᠬᠤ ᠶᠢ ᠵᠦᠪᠰᠢᠶᠡᠷᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠭᠠᠳᠠᠨᠠᠬᠢ ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ ᠥᠷᠲᠡᠭᠡ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠬᠠᠮᠲᠤᠪᠠᠷ ᠭᠥᠷᠳᠡᠬᠦ ᠦᠢᠯᠡᠴᠢᠯᠡᠬᠡᠨ ᠤ ᠲᠠᠪᠴᠠᠩ᠂ ᠠᠮᠢ ᠠᠬᠤᠶ ᠶᠢᠨ ᠦᠢᠯᠡᠳᠬᠦᠨ ᠤ ᠥᠷᠲᠡᠭ ᠤᠨ ᠰᠢᠨ᠎ᠡ ᠶᠢ ᠡᠭᠦᠳᠬᠦ ᠶᠢ ᠪᠡᠶᠡᠯᠡᠭᠦᠯᠬᠦ ᠲᠠᠪᠴᠠᠩ ᠵᠡᠷᠭᠡ ᠳᠤ ᠲᠤᠰᠪᠤᠷᠢ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃    4. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠳᠪᠦᠷᠢ ᠶᠢᠨ ᠠᠵᠤ ᠦᠢᠯᠡᠰᠵᠢᠯᠲᠡ ᠶᠢᠨ ᠰᠠᠭᠤᠷᠢᠨ ᠭᠠᠵᠠᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠲᠤᠰᠪᠦᠷᠢ ᠨᠢᠭᠡ ᠤᠳᠠᠭ᠎ᠠ ᠶᠢᠨ ᠴᠢᠨᠠᠷᠳᠠᠢ ᠪᠠᠷ 100 ᠲᠦᠮᠡᠨ ᠲᠥᠭᠦᠷᠢᠭ᠂ 50 ᠲᠦᠮᠡᠨ ᠲᠥᠭᠦᠷᠢᠭ᠌ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ   ᠭᠤᠷᠪᠠ᠂ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃   1. ᠠᠩᠬ᠎ᠠ ᠤᠳᠠᠭ᠎ᠠ ᠵᠥᠪᠰᠢᠶᠡᠷᠡᠯ ᠣᠯᠤᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠤᠲᠠ ᠶᠢᠨ ᠳᠣᠲᠣᠷᠠᠬᠢ ᠠᠵᠤ ᠠᠬᠤᠶᠢᠯᠠᠯ ᠪᠠ ᠮᠠᠨ ᠤ ᠬᠤᠲᠠ ᠳᠤ ᠪᠦᠬᠦᠯᠢ ᠴᠣᠭᠴᠠ ᠪᠠᠷ ᠨᠡᠭᠦᠵᠦ ᠢᠷᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠳᠠᠢ ᠪᠠᠷ 50 ᠲᠦᠮᠡᠨ ᠲᠥᠭᠦᠷᠢᠭ᠌ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃    2. ᠠᠩᠬ᠎ᠠ ᠤᠳᠠᠭ᠎ᠠ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠵᠥᠪᠰᠢᠶᠡᠷᠡᠭᠳᠡᠭᠰᠡᠨ ᠬᠤᠲᠠ ᠶᠢᠨ ᠳᠣᠲᠣᠷᠠᠬᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ᠌ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃    3.  3 ᠵᠢᠯ ᠳᠠᠷᠠᠭᠠᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠲᠣᠭᠲᠠᠭᠠᠭᠳᠠᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ᠌ ᠤᠨ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ︵ᠬᠤᠪᠢᠶᠠᠷᠢ ᠲᠥᠪ︶ ᠲᠤ ᠥᠪᠡᠷᠲᠡᠭᠡᠨ ᠵᠠᠰᠠᠬᠤ ᠣᠷᠣᠨ ᠤ ᠳᠡᠮᠵᠢᠬᠦ ᠵᠠᠷᠤᠳᠠᠯ ᠤᠨ 1᠄ 1      ᠪᠠᠷ ᠢᠵᠢ ᠪᠦᠷᠢᠳᠦᠭᠦᠯᠬᠦ ᠳᠡᠮᠵᠢᠯᠭᠡ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ᠲᠤ ᠥᠪᠡᠷᠲᠡᠭᠡᠨ ᠵᠠᠰᠠᠬᠤ ᠣᠷᠣᠨ ᠤ ᠳᠡᠮᠵᠢᠬᠦ ᠵᠠᠷᠤᠳᠠᠯ ᠤᠨ 1᠄ 1      ᠪᠠᠷ ᠢᠵᠢ ᠪᠦᠷᠢᠳᠦᠬᠦᠯᠬᠦ ᠳᠡᠮᠵᠢᠯᠭᠡ ᠦᠵᠡᠬᠦᠯᠦᠨ᠎ᠡ᠃    ᠳᠦᠷᠪᠡ᠂ ᠮᠡᠳᠡᠯᠭᠡ ᠶᠢᠨ ᠦᠮᠴᠢᠯᠡᠯ ᠤᠨ ᠡᠷᠭᠡ ᠶᠢᠨ ᠬᠠᠮᠠᠭᠠᠯᠠᠯᠳᠠ ᠪᠠ ᠬᠡᠷᠡᠭᠯᠡᠯᠳᠡ ᠶᠢ ᠲᠦᠷᠭᠡᠳᠬᠡᠨ᠎ᠡ᠃    ︽ᠠᠵᠤ ᠠᠬᠤᠶᠢᠯᠠᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶᠠᠷᠤᠯᠳᠠ ᠶᠢᠨ ᠵᠢᠷᠤᠮᠵᠢᠯ︾ ᠤᠨ ᠪᠠᠷᠢᠮᠵᠢᠶ᠎ᠠ ᠪᠠᠷ ᠮᠠᠭᠠᠳᠯᠠᠨ ᠲᠤᠭᠲᠠᠭᠠᠰᠠᠨ   1. ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ     20 ᠲᠦᠮᠡᠨ ᠲᠥᠭᠦᠷᠢᠭ  2. ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ     15 ᠲᠦᠮᠡᠨ ᠲᠥᠭᠦᠷᠢᠭ  3. ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ                10 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃    ᠭᠠᠵᠠᠷ ᠵᠦᠢ ᠶᠢᠨ ᠢᠯᠡᠷᠬᠡᠶᠢᠯᠡᠯᠳᠤ ᠲᠠᠸᠠᠷ ᠤᠨ ᠲᠡᠮᠳᠡᠭ ᠢ ᠳᠠᠩᠰᠠᠯᠠᠭᠤᠯᠬᠤ ᠪᠤᠶᠤ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯ ᠢ ᠰᠢᠨ᠎ᠡ ᠪᠠᠷ ᠪᠦᠷᠢᠳᠬᠡᠬᠦᠯᠦᠭᠰᠡᠨ ᠪᠤᠯ᠂ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠵᠠᠷᠤᠳᠠᠯ ᠤᠨ ᠨᠥᠬᠦᠪᠥᠷᠢ ᠣᠯᠭᠤᠨ᠎ᠠ᠃     ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠡᠷᠬᠡ ᠣᠯᠭᠤᠯᠲᠠ ᠶᠢ ᠰᠢᠨ᠎ᠡ ᠪᠠᠷ ᠣᠯᠤᠭᠰᠠᠳ ᠲᠤ ᠥᠪᠡᠷᠲᠡᠭᠡᠨ ᠵᠠᠰᠠᠬᠤ ᠣᠷᠣᠨ ᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠵᠠᠷᠤᠳᠠᠯ ᠤᠨ ᠨᠦᠬᠦᠪᠦᠷᠢ ᠶᠢᠨ 1᠄ 1      ᠪᠠᠷ ᠢᠵᠢ ᠪᠦᠷᠢᠳᠦᠬᠦᠯᠬᠦ ᠳᠡᠮᠵᠢᠯᠭᠡ ᠤᠯᠭᠤᠨ᠎ᠠ᠃     ᠲᠠᠪᠤ᠂ ᠰᠢᠨᠵᠢᠯᠡᠭᠡ ᠮᠡᠷᠭᠡᠵᠢᠯ ᠬᠢᠭᠡᠳ ᠮᠦᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠲᠦᠷᠭᠡᠳᠬᠡᠨ᠎ᠡ᠃     1. ᠮᠠᠨ ᠤ ᠬᠤᠲᠠ ᠶᠢᠨ IPO ᠶᠢᠨ ᠵᠠᠬ᠎ᠠ ᠳᠤ ᠭᠠᠷᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 200 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ︔    2. ᠰᠢᠨ᠎ᠡ ᠭᠤᠷᠪᠠᠨ ᠵᠠᠭᠪᠤᠷ ᠲᠤ ᠫᠠᠶᠢᠰᠠ ᠡᠯᠭᠦᠭᠰᠡᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ︔   3. ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠨᠡᠪᠴᠢᠭᠦᠯᠬᠦ ᠬᠠᠪᠲᠠᠰᠤ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠶ ᠲᠠᠪᠴᠠᠩ ᠤᠨ ᠰᠢᠯᠢᠳᠡᠭ ᠰᠣᠩᠭᠤᠯᠲᠠ ᠶᠢᠨ ᠳᠠᠪᠬᠤᠷᠭ᠎ᠠ ᠳᠤ ᠠᠮᠵᠢᠯᠲᠠ ᠲᠠᠢ ᠫᠠᠶᠢᠰᠠ ᠡᠯᠭᠦᠭᠰᠡᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号