︵ᠬᠤᠶᠠᠷ︶ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2022/3/14
ᠵᠢᠷᠭᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠭᠲᠠᠯᠴᠠᠭ᠎ᠠ ᠶᠢ ᠪᠠᠶᠢᠭᠤᠯᠤᠨ᠎ᠠ᠃    1. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠲᠤᠭᠤᠷᠢᠭ᠋ ᠲᠤ ᠲᠤᠰᠪᠤᠷᠢ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃    ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠰᠢᠯᠵᠢᠭᠦᠯᠬᠦ ᠦᠢᠯᠡᠴᠢᠯᠡᠬᠡᠨ ᠤ ᠪᠠᠶᠢᠭᠤᠯᠤᠮᠵᠢ᠂ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠶ ᠪᠠᠷ ᠲᠤᠰᠪᠤᠷᠢ 50 ᠲᠦᠮᠡᠨ ᠲᠥᠭᠦᠷᠢᠭ ᠪᠠ 30 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃    ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠣᠬᠢᠷᠲᠤᠯ ᠥᠬᠡᠶ ᠲᠠᠷᠢᠶᠠᠯᠠᠩ ᠤᠨ ᠠᠵᠤ ᠦᠢᠯᠡᠰ᠂ ᠠᠮᠢ ᠠᠬᠤᠶ ᠶᠢᠨ ᠠᠵᠤ ᠦᠢᠯᠡᠰ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠠᠵᠤ ᠦᠢᠯᠡᠰ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠨ ᠤ ᠲᠠᠪᠴᠠᠩ᠊ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠲᠠᠪᠴᠠᠩ ᠤᠨ ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶ᠎ᠠ ᠶᠢ 20 ︵ᠪᠠᠭᠲᠠᠨ᠎ᠠ︶ ᠠᠴᠠ ᠳᠡᠭᠡᠭᠰᠢ ᠪᠡᠶᠡᠯᠡᠭᠦᠯᠦᠭᠰᠡᠨ ᠪᠥᠭᠡᠳ ᠠᠷᠠᠯᠵᠢᠶᠠᠯᠠᠭᠰᠠᠨ ᠲᠤᠭ᠎ᠠ ᠨᠢ 1000 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢ ᠪᠠᠶᠢᠵᠤ᠂ ᠬᠤᠶᠠᠷ ᠵᠢᠯ ᠳᠠᠷᠠᠭᠠᠯᠠᠨ ᠰᠢᠯᠭᠠᠨ ᠬᠢᠨᠠᠵᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ 20 ᠲᠦᠮᠡᠨ ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠣᠯᠭᠤᠨ᠎ᠠ᠃   ᠮᠠᠨ ᠤ ᠬᠤᠲᠠ ᠳᠤ ᠳᠠᠩᠰᠠᠯᠠᠭᠤᠯᠤᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠥᠭᠡᠳ ᠭᠤᠤᠯᠯᠠᠬᠤ ᠮᠡᠷᠭᠡᠵᠢᠯ ᠳᠤ ᠣᠷᠣᠭᠤᠯᠤᠭᠰᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠬᠤᠲᠠ ᠳᠤ ᠰᠠᠭᠤᠷᠢᠰᠢᠭᠤᠯᠤᠨ ᠤᠯᠠᠷᠢᠭᠤᠯᠬᠤ ᠠᠵᠤ ᠠᠬᠤᠶᠢᠯᠠᠯ ᠳᠤ᠂ ᠠᠵᠤ ᠦᠢᠯᠡᠰ ᠤᠨ ᠬᠡᠪᠴᠢᠶ᠎ᠡ ᠶᠢ ᠪᠦᠷᠢᠯᠳᠦᠭᠦᠯᠵᠦ᠂ ᠳᠠᠶᠢᠴᠢᠯᠠᠬᠤ ᠦᠷ᠎ᠡ ᠠᠰᠢᠭ ᠨᠢ ᠢᠯᠡᠷᠬᠡᠶ ᠪᠤᠯ᠂ ︽ᠨᠢᠭᠡ ᠨᠢᠭᠡ ᠤᠴᠢᠷ ᠢᠶᠠᠷ ᠵᠦᠪᠯᠡᠬᠦ︾ ᠪᠠᠷ ᠳᠠᠮᠵᠢᠭᠤᠯᠤᠨ᠂ ᠨᠢᠭᠡ ᠯᠡ ᠤᠳᠠᠭ᠎ᠠ ᠳᠤ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃   ᠳᠤᠯᠤᠭ᠎ᠠ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠰᠤᠯᠢᠯᠴᠠᠭ᠎ᠠ ᠶᠢ ᠵᠤᠷᠢᠭᠵᠢᠭᠤᠯᠤᠨ᠎ᠠ᠃ ᠳᠠᠩᠰᠠᠯᠠᠭᠤᠯᠤᠭᠰᠠᠨ ᠪᠠ ᠭᠠᠶᠢᠯᠢ ᠲᠤᠰᠢᠶᠠᠭᠰᠠᠨ ᠨᠢ ᠴᠥᠮ ᠮᠠᠨ ᠤ ᠬᠤᠲᠠ ᠳᠤ ᠪᠠᠶᠢᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢᠨ ᠬᠢᠨᠠᠨ ᠲᠣᠭᠲᠠᠭᠠᠭᠰᠠᠨ ᠮᠡᠷᠭᠡᠵᠢᠯ ᠤᠨ ᠠᠷᠠᠯᠵᠢᠶ᠎ᠠ ᠶᠢᠨ ᠲᠤᠭ᠎ᠠ ᠶᠢᠨ 5%      ᠪᠠᠷ ᠨᠥᠬᠦᠪᠥᠷᠢ ᠥᠭᠴᠦ᠂ ᠳᠠᠩ ᠭᠠᠭᠴᠠ ᠮᠡᠷᠭᠡᠵᠢᠯ ᠤᠨ ᠭᠡᠷ᠎ᠡ ᠳᠤ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠨᠥᠬᠦᠪᠥᠷᠢᠯᠡᠵᠦ᠂ ᠠᠵᠤ ᠠᠬᠤᠶᠢᠯᠠᠯ ᠨᠢᠭᠡᠪᠦᠷᠢ ᠳᠤ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠨᠥᠬᠦᠪᠥᠷᠢᠯᠡᠨ᠎ᠡ᠃ ᠨᠠᠢᠮᠠ᠂ ᠬᠠᠮᠵᠢᠯᠴᠠᠨ ᠰᠢᠨ᠎ᠡ ᠶᠢ ᠡᠬᠦᠳᠬᠦ ᠶᠢ ᠳᠡᠮᠵᠢᠨ᠎ᠠ᠃    1. ᠰᠢᠨ᠎ᠡ ᠪᠠᠷ ᠪᠠᠶᠢᠭᠤᠯᠤᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠤᠭᠠᠯᠠᠯ ᠳᠤ ᠲᠤᠰᠪᠤᠷᠢ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃     2. ᠰᠢᠨ᠎ᠡ ᠪᠠᠷ ᠪᠠᠶᠢᠭᠤᠯᠬᠤ ᠶᠢ ᠵᠥᠪᠰᠢᠶᠡᠷᠡᠭᠰᠡᠨ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ ᠠᠵᠢᠯᠯᠠᠬᠤ ᠦᠷᠲᠡᠭᠡ ᠳᠤ ᠨᠢᠭᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃    3. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃    4. ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠳᠠᠪᠤᠷᠢᠲᠠᠨ ᠤᠷᠢᠵᠤ ᠤᠶᠤᠨ ᠣᠷᠣᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠲᠤᠰᠪᠤᠷᠢ ᠨᠢᠭᠡ ᠤᠳᠠᠭ᠎ᠠ ᠶᠢᠨ ᠴᠢᠨᠠᠷᠳᠠᠢ ᠪᠠᠷ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃     ᠳᠡᠯᠡᠬᠡᠶ ᠶᠢᠨ 500 ᠬᠦᠴᠦᠷᠬᠡᠭ ᠪᠠ ᠤᠯᠤᠰ ᠤᠨ ᠳᠣᠲᠣᠭᠠᠳᠤ ᠶᠢᠨ 100 ᠬᠦᠴᠦᠷᠬᠡᠭ ᠠᠵᠤ ᠠᠬᠤᠶᠢᠯᠠᠯ ᠮᠠᠨ ᠤ ᠬᠤᠲᠠ ᠳᠤ ᠢᠷᠡᠵᠦ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ ᠮᠠᠭᠠᠳᠯᠠᠨ ᠲᠣᠭᠲᠠᠭᠠᠬᠤ ᠶᠢᠨ ᠬᠠᠮᠲᠤ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠪᠠᠷ ᠳᠡᠮᠵᠢᠨ ᠣᠷᠣᠭᠤᠯᠤᠭᠰᠠᠨ ᠰᠤᠳᠤᠯᠤᠨ ᠨᠡᠭᠡᠭᠡᠬᠦ ᠪᠠᠯᠠ ᠮᠥᠩᠭᠦ ᠨᠢ 2000 ᠲᠦᠮᠡᠨ ᠲᠥᠭᠦᠷᠢᠭ ᠠᠴᠠ ᠳᠡᠭᠡᠭᠰᠢ ᠶᠢ᠂ ︽ᠨᠢᠭᠡ ᠨᠢᠭᠡ ᠤᠴᠢᠷ ᠢᠶᠠᠷ ᠵᠥᠪᠯᠡᠬᠦ︾ ᠪᠠᠷ ᠳᠡᠮᠵᠢᠨ᠂ ᠨᠢᠬᠡ ᠤᠳᠠᠭ᠎ᠠ ᠶᠢᠨ ᠴᠢᠨᠠᠷᠳᠠᠢ ᠪᠠᠷ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃   ᠶᠢᠰᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠤᠭᠤᠯᠬᠤ ᠪᠠ ᠬᠥᠮᠦᠵᠢᠭᠦᠯᠬᠦ ᠶᠢ ᠳᠡᠮᠵᠢᠨ᠎ᠡ᠃    ᠤᠯᠤᠰ ᠤᠨ ᠳᠣᠲᠣᠭᠠᠳᠤ ᠭᠠᠳᠠᠭᠠᠳᠤ ᠳᠤ ᠬᠠᠨᠳᠤᠭᠤᠯᠤᠨ ᠬᠠᠮᠢᠶ᠎ᠠ ᠪᠥᠬᠦᠶ ᠰᠢᠨᠵᠢᠯᠡᠭᠡᠨ ᠤ ᠰᠠᠯᠠᠭ᠎ᠠ᠂ ᠠᠵᠢᠯ ᠲᠥᠷᠥᠯ ᠤᠨ ᠠᠵᠤ ᠦᠢᠯᠡᠰ ᠢ ᠶᠡᠷᠦᠩᠬᠡᠶᠢᠯᠡᠨ ᠵᠢᠯᠣᠭᠤᠳᠴᠤ ᠳᠡᠶᠢᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠳᠠᠳᠠᠨ ᠤᠷᠤᠭᠤᠯᠵᠤ᠂ ᠲᠥᠷᠥᠯ ᠵᠦᠢᠯ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠶ ᠪᠣᠯᠭᠠᠬᠤ ᠪᠠᠷ ᠭᠤᠤᠯ ᠬᠡᠮᠵᠢᠬᠦ ᠪᠠᠷᠢᠮᠵᠢᠶ᠎ᠠ ᠪᠣᠯᠭᠠᠵᠤ᠂ ︽ᠨᠢᠭᠡ ᠨᠢᠭᠡ ᠤᠴᠢᠷ ᠢᠶᠠᠷ ᠵᠥᠪᠯᠡᠬᠦ︾ ᠪᠠᠷ ᠳᠠᠮᠵᠢᠭᠤᠯᠤᠨ᠂ ᠨᠢᠭᠡ ᠤᠳᠠᠭ᠎ᠠ ᠶᠢᠨ ᠴᠢᠨᠠᠷᠳᠠᠢ ᠪᠠᠷ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠤᠯᠭᠤᠨ᠎ᠠ᠃    ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠨᠢ ᠮᠠᠨ ᠤ ᠬᠤᠲᠠ ᠳᠤ ᠠᠵᠤ ᠠᠬᠤᠶᠢᠯᠠᠯ ᠳᠠᠩᠰᠠᠯᠠᠭᠤᠯᠤᠨ ᠡᠷᠬᠢᠯᠡᠵᠦ᠂ ᠤᠯᠤᠰ ᠤᠨ ᠳᠣᠲᠣᠭᠠᠳᠤ ᠶᠢᠨ ᠠᠵᠢᠯ ᠨᠢᠭᠡᠲᠡᠨ ᠤ ᠳᠤᠮᠳᠠ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠥᠭᠡᠳ ᠬᠠᠮᠢᠶ᠎ᠠ ᠪᠥᠬᠦᠶ ᠬᠦᠷᠢᠶ᠎ᠡ ᠴᠠᠷᠠᠭᠠᠨ ᠳᠤ ᠰᠢᠨ᠎ᠡ ᠶᠢ ᠡᠭᠦᠳᠬᠦ ᠲᠣᠪᠤᠶᠢᠮ᠎ᠠ ᠦᠷ᠎ᠡ ᠪᠦᠲᠦᠭᠡᠯ ᠣᠯᠤᠭᠰᠠᠨ ᠪᠠᠶᠢᠪᠠᠯ᠂ ︽ᠨᠢᠭᠡ ᠨᠢᠭᠡ ᠤᠴᠢᠷ ᠢᠶᠠᠷ ᠵᠥᠪᠯᠡᠬᠦ︾ ᠪᠠᠷ ᠳᠠᠮᠵᠢᠭᠤᠯᠤᠨ᠂ ᠨᠢᠬᠡ ᠤᠳᠠᠭ᠎ᠠ ᠶᠢᠨ ᠴᠢᠨᠠᠷᠳᠠᠢ ᠪᠠᠷ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠤᠨ ᠵᠠᠷᠤᠳᠠᠯ ᠤᠨ ᠳᠡᠮᠵᠢᠯᠭᠡ ᠣᠯᠭᠤᠨ᠎ᠠ᠃ ᠮᠠᠨ ᠤ ᠬᠤᠲᠠ ᠶᠢᠨ ᠲᠤᠭᠲᠠᠮᠠᠯ ᠴᠢᠨᠠᠷᠲᠠᠢ ᠪᠠᠷ ᠤᠷᠤᠭᠤᠯᠤᠭᠰᠠᠨ ᠳᠡᠭᠡᠳᠤ ᠲᠡᠰ ᠤᠨ ᠴᠢᠳᠠᠪᠤᠷᠢᠲᠠᠨ ᠳᠤ ︽ᠬᠥᠯᠥᠨ ᠪᠤᠶᠢᠷ ᠬᠤᠲᠠ ᠶᠢᠨ ᠴᠢᠳᠠᠪᠤᠷᠢᠲᠠᠨ ᠢ ᠤᠷᠤᠭᠤᠯᠵᠤ ᠬᠦᠮᠦᠵᠢᠬᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠬᠦᠯᠦᠨ ᠨᠠᠮ ᠲᠠᠷᠬᠠᠭᠠᠭᠰᠠᠨ ﹇2019﹈ 4 ᠳ᠋ᠦ᠋ᠭᠡᠷ ᠲᠣᠭᠠᠲᠤ︶ ᠶᠢᠨ ᠶᠣᠰᠣᠭᠠᠷ ᠤᠯᠭᠤᠮᠵᠢ ᠶᠢᠨ ᠪᠠᠲᠤᠯᠠᠭ᠎ᠠ ᠦᠵᠡᠬᠦᠯᠦᠨ᠎ᠡ᠃     ᠮᠠᠨ ᠤ ᠬᠤᠲᠠ ᠶᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠦᠷᠲᠡᠬᠦ ᠶᠢ ᠠᠩᠬᠠᠳᠠᠭᠴᠢ ᠪᠡᠶᠡᠯᠡᠬᠦᠯᠦᠭᠰᠡᠨ ᠨᠢᠭᠡᠴᠢ ᠵᠢᠴᠢ ᠬᠠᠮᠢᠶ᠎ᠠ ᠪᠦᠬᠦᠢ ᠬᠥᠮᠦᠰ ᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ ᠶᠢᠨ ᠲᠤᠭ᠎ᠠ ᠬᠡᠮᠵᠢᠶ᠎ᠡ ᠶᠢᠨ 1᠄ 5 ᠪᠠᠷ ᠵᠠᠷᠤᠳᠠᠯ ᠤᠨ ᠳᠡᠮᠵᠢᠯᠭᠡ ᠤᠯᠭᠤᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ ᠠᠵᠢᠯᠲᠠᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠬᠤ ᠠᠵᠢᠯᠯᠠᠭ᠎ᠠ ᠶᠢ ᠠᠬᠢᠭᠤᠯᠵᠤ᠂ ᠵᠢᠯ ᠪᠦᠷᠢ ᠲᠤᠰᠬᠠᠶ ᠪᠠᠯᠠ ᠮᠥᠩᠭᠦ ᠶᠢ 100 ᠲᠦᠮᠡᠨ ᠲᠥᠭᠦᠷᠢᠭ ᠲᠣᠬᠢᠷᠠᠭᠤᠯᠤᠨ᠂ ᠲᠤᠰᠬᠠᠶ ᠮᠡᠷᠭᠡᠵᠢᠯᠲᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号