ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠲᠤᠬᠠᠢ ᠲᠠᠶᠢᠯᠤᠮᠵᠢ ︵2021 — 2023 ᠤᠨ︶
ᠨᠡᠶᠢᠲᠡᠯᠡᠭᠰᠡᠨ ᠴᠠᠭ᠄
2022/3/14
  ᠨᠢᠬᠡ᠂ ᠲᠤᠭᠤᠷᠪᠢᠭᠰᠠᠨ ᠠᠬᠤᠢ ᠪᠠᠶᠢᠳᠠᠯ ᠪᠠ ᠦᠨᠳᠦᠰᠦᠯᠡᠯ   ︽︿ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 9 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢ ᠠᠯᠬᠤᠮ ᠴᠢᠨᠠᠭᠰᠢᠳᠠ ᠴᠢᠩᠭᠠᠳᠬᠠᠨ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃   ᠬᠤᠶᠠᠷ᠂ ᠭᠤᠤᠯ ᠬᠠᠷᠠᠯᠲᠠ   1.2023 ᠤᠨ ᠪᠣᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠯᠢᠶᠡᠳ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ 2      ᠠᠴᠠ ᠳᠡᠭᠡᠭᠰᠢ ᠪᠤᠶᠢᠵᠢᠭᠤᠯᠬᠤ ᠪᠠᠷ ᠴᠢᠷᠮᠠᠶᠢᠨ᠎ᠠ᠃    2. ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠵᠢᠴᠢ ᠬᠠᠮᠲᠤ ᠶᠢᠨ ᠲᠠᠸᠠᠷ ᠤᠨ ᠲᠡᠮᠳᠡᠭ ᠢ 2020 ᠣᠨ ᠤ 4      ᠶᠢᠨ ᠰᠠᠭᠤᠷᠢᠨ ᠳᠡᠭᠡᠷ᠎ᠡ 25% ᠪᠠᠷ ᠨᠡᠮᠡᠭᠳᠡᠭᠦᠯᠵᠦ᠂ ᠪᠣᠬᠢᠷᠲᠤᠯ ᠥᠬᠡᠶ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠦᠨ᠎ᠡ᠃   3. ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢᠶᠠᠷ ᠳᠡᠩᠰᠡᠯᠡᠨ ᠬᠠᠮᠠᠭᠠᠯᠠᠬᠤ ᠪᠦᠲᠦᠭᠡᠭᠳᠡᠬᠦᠨ ᠢ 34 ᠪᠣᠯᠭᠠᠨ ᠨᠡᠮᠡᠭᠳᠡᠭᠦᠯᠦᠨ᠎ᠡ᠃     ᠭᠤᠷᠪᠠ᠂ ᠭᠤᠤᠯᠳᠠᠯᠭ᠎ᠠ ᠲᠠᠢ ᠠᠭᠤᠯᠭ᠎ᠠ    ᠨᠢᠬᠡᠳᠦᠬᠡᠷ ᠬᠡᠰᠡᠭ ᠵᠢᠯᠤᠭᠤᠳᠬᠤ ᠦᠵᠡᠯ ᠰᠠᠨᠠᠭ᠎ᠠ    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠲᠤᠭᠲᠠᠮᠵᠢ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠵᠤ᠂ ᠲᠦᠷᠦᠯ ᠲᠡᠮᠳᠡᠭ ᠲᠠᠢ ᠨᠢᠭᠲᠠ ᠤᠶᠠᠯᠳᠤᠭᠤᠯᠤᠨ ᠲᠠᠷᠢᠶᠠᠯᠠᠩ ᠮᠠᠯ ᠠᠵᠤ ᠠᠬᠤᠶ ᠶᠢ ᠬᠦᠭᠵᠢᠬᠦᠯᠵᠦ᠂ ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠦᠷ᠎ᠡ ᠠᠰᠢᠭ ᠪᠣᠯᠤᠨ ᠥᠷᠢᠰᠥᠯᠳᠦᠬᠦ ᠬᠦᠴᠦᠨ ᠢ ᠬᠦᠴᠦᠯᠡᠨ ᠳᠡᠭᠡᠭᠰᠢᠯᠡᠬᠦᠯᠵᠦ᠂ ᠤᠳᠤ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠳᠡᠭ ᠤᠨ ᠥᠷᠲᠡᠭ ᠤᠨ ᠲᠤᠭᠲᠠᠯᠴᠠᠭ᠎ᠠ ᠶᠢ ᠪᠠᠶᠢᠭᠤᠯᠤᠨ᠎ᠠ᠃   ᠬᠤᠶᠠᠳᠤᠭᠠᠷ ᠬᠡᠰᠡᠭ ᠠᠵᠢᠯ ᠤᠨ ᠬᠠᠷᠠᠯᠳᠠ   ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ᠂ ᠭᠠᠵᠠᠷ ᠵᠦᠢ ᠶᠢᠨ ᠲᠡᠮᠳᠡᠭ ᠢ ᠬᠠᠮᠠᠭᠠᠯᠠᠬᠤ ᠪᠦᠲᠦᠭᠡᠭᠳᠡᠬᠦᠨ ᠵᠢᠴᠢ ᠵᠣᠬᠢᠬᠤ ᠨᠥᠯᠥᠭᠡᠯᠡᠬᠦ ᠬᠦᠴᠦᠨ ᠲᠠᠢ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠭᠰᠡᠨ ᠲᠠᠸᠠᠷ ᠤᠨ ᠲᠡᠮᠳᠡᠭ ᠢᠶᠠᠷ ᠭᠤᠣᠯ ᠪᠣᠯᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ᠎ᠠ᠃ ᠮᠢᠬᠠᠨ ᠤ ᠬᠤᠨᠢ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂ ᠲᠥᠮᠥᠰᠥ᠂ ᠡᠷᠳᠡᠨᠢ ᠰᠢᠰᠢ᠂ ᠰᠢᠷ᠎ᠠ ᠪᠤᠷᠴᠠᠭ᠂ ᠪᠣᠭᠤᠳᠠᠶ᠂ ᠤᠰᠤᠨ ᠲᠤᠲᠤᠷᠭ᠎ᠠ᠂ ᠰᠢᠯᠢᠮᠳᠡᠭ᠂ ᠢᠳᠡᠰᠢᠨ ᠮᠥᠭᠦ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠲᠦᠰᠢᠭᠯᠡᠨ᠂ ︽ᠬᠥᠯᠥᠨ ᠪᠤᠶᠢᠷ︾ ᠤᠨ ᠠᠯᠲᠠᠨ ᠦᠰᠦᠭᠲᠦ ᠲᠥᠷᠥᠯ ᠲᠡᠮᠳᠡᠭ ᠤᠨ ᠲᠣᠭᠤᠷᠢᠨ ᠳᠤ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ ᠦᠨᠢᠶᠡᠨ ᠰᠦ᠂ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ 8 ᠶᠡᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠠᠯᠳᠠᠷᠰᠢᠭᠤᠯᠤᠨ᠎ᠠ᠃     ᠭᠤᠷᠪᠠᠳᠤᠭᠠᠷ ᠬᠡᠰᠡᠭ ᠦᠨᠳᠦᠰᠦᠨ ᠵᠠᠷᠴᠢᠮ     ︵ᠨᠢᠭᠡ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠨ᠎ᠠ᠃   ︵ᠬᠤᠶᠠᠷ︶ ᠵᠠᠬ᠎ᠠ ᠳᠡᠯᠭᠡᠭᠦᠷ ᠢᠶᠠᠷ ᠭᠤᠤᠯ ᠤᠳᠤᠷᠢᠳᠤᠮᠵᠢ ᠪᠣᠯᠭᠠᠨ᠎ᠠ᠃    ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠤᠯᠭᠠᠨ᠎ᠠ᠃   ︵ᠳᠥᠷᠪᠡ︶ ᠬᠠᠮᠵᠢᠯᠴᠠᠨ ᠬᠠᠮᠲᠤᠪᠠᠷ ᠪᠠᠶᠢᠭᠤᠯᠤᠨ᠎ᠠ᠃   ᠳᠦᠷᠪᠡᠳᠦᠬᠡᠷ ᠬᠡᠰᠡᠭ ᠭᠤᠤᠯᠳᠠᠯᠭ᠎ᠠ ᠲᠠᠢ ᠡᠭᠦᠷᠭᠡ  ︵ᠨᠢᠭᠡ︶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃  ︵ᠬᠤᠶᠠᠷ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠦᠭᠵᠢᠯᠳᠡ ᠶᠢ ᠱᠠᠲᠤᠯᠢᠭ ᠢᠶᠠᠷ ᠪᠤᠶᠢᠵᠢᠭᠤᠯᠤᠨ᠎ᠡ᠃ ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶᠠᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︵ᠳᠥᠷᠪᠡ︶ ᠶᠠᠰᠤ ᠴᠢᠨᠠᠷ ᠤᠨ ᠪᠥᠬᠦ ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠶᠢ ᠴᠢᠩᠭᠠᠷᠠᠭᠤᠯᠤᠨ᠎ᠠ᠃ ︵ᠵᠢᠷᠭᠤᠭ᠎ᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠨ᠎ᠠ᠃ ︵ᠳᠣᠯᠤᠭ᠎ᠠ︶ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠨ᠎ᠠ᠃ ︵ᠨᠠᠢᠮᠠ︶ ᠲᠥᠷᠥᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠤᠨ᠎ᠠ᠃ ︵ᠶᠢᠰᠦ︶ ᠲᠦᠷᠦᠯ ᠲᠡᠮᠳᠡᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠎ᠠ᠃ ︵ᠠᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠲᠠᠪᠤᠳᠤᠭᠠᠷ ᠬᠡᠰᠡᠭ ᠬᠡᠷᠡᠭᠵᠢᠭᠦᠯᠬᠦ ᠠᠯᠬᠤᠮ ᠳᠠᠷᠠᠭ᠎ᠠ ︵ᠨᠢᠭᠡ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 3 ᠰᠠᠷ᠎ᠠ — 2021 ᠣᠨ ᠤ 12 ᠰᠠᠷ᠎ᠠ︶᠃ ︵ᠬᠤᠶᠠᠷ︶ ᠪᠥᠬᠦ ᠲᠠᠯ᠎ᠠ ᠪᠠᠷ ᠪᠠᠬᠢᠵᠢᠭᠦᠯᠬᠦ ᠱᠠᠲᠤ ᠦᠶ᠎ᠡ ︵2022 ᠣᠨ ᠤ 1 ᠰᠠᠷ᠎ᠠ — 2022 ᠣᠨ ᠤ 12 ᠰᠠᠷ᠎ᠠ︶᠃ ︵ᠭᠤᠷᠪᠠ︶ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠲᠤ ᠦᠶ᠎ᠡ ︵2023 ᠣᠨ ᠤ 1 ᠰᠠᠷ᠎ᠠ — 2023 ᠣᠨ ᠤ 11 ᠰᠠᠷ᠎ᠠ︶᠃ ︵ᠳᠥᠷᠪᠡ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠰᠠᠷ᠎ᠠ — 12 ᠰᠠᠷ᠎ᠠ︶᠃ ᠵᠢᠷᠭᠤᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ︵ᠨᠢᠬᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃  ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ︵ᠭᠤᠷᠪᠠ︶ ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠪᠣᠶ ᠪᠤᠯᠭᠠᠨ᠎ᠠ᠃ ︵ᠳᠥᠷᠪᠡ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ︵ᠵᠢᠷᠭᠤᠭ᠎ᠠ︶ ᠪᠠᠶᠢᠴᠠᠭᠠᠵᠤ ᠰᠢᠯᠭᠠᠨ ᠦᠨᠡᠯᠡᠬᠦ ᠶᠢ ᠥᠷᠨᠢᠭᠦᠯᠦᠨ᠎ᠡ᠃
 
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号