︵ᠳᠦᠷᠪᠡ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
    ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶᠠᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠠᠷᠤᠯᠲᠠ ᠶᠢᠨ ᠣᠷᠣᠨ ᠢ ᠴᠡᠪᠡᠷᠰᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠦᠢᠯᠡᠳᠪᠦᠷᠢᠯᠡᠯ ᠢ ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠨᠠᠷᠢᠯᠢᠭᠵᠢᠯ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ ᠴᠢᠨᠠᠷ ᠢ ᠪᠥᠬᠦ ᠶᠠᠪᠤᠴᠠᠵᠢᠭᠤᠯᠤᠨ ᠡᠵᠡᠮᠳᠡᠬᠦ ᠮᠡᠷᠭᠡᠵᠢᠯ ᠤᠨ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠪᠤᠯᠬᠤ ᠬᠥᠯᠥᠨ ᠪᠤᠶᠢᠷ ᠤᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠂ ᠬᠠᠷ᠎ᠠ ᠲᠡᠯᠳᠡᠦ᠂ ᠦᠨᠢᠶᠡᠨ ᠰᠦ᠂ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠤᠰᠦ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠲᠤ ᠴᠢᠭᠯᠡᠭᠦᠯᠦᠨ 8 ᠶᠡᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ᠂ ᠰᠠᠭᠤᠷᠢᠨ ᠭᠠᠵᠠᠷ ᠤᠨ ᠣᠷᠴᠢᠨ ᠲᠣᠭᠤᠷᠢᠨ᠂ ᠡᠭᠦᠯᠳᠡᠷ ᠪᠤᠶᠢᠵᠢᠭᠤᠯᠤᠨ ᠦᠷᠡᠵᠢᠭᠦᠯᠬᠦ᠂ ᠦᠷ᠎ᠡ ᠴᠢᠬᠢ᠂ ᠣᠷᠣᠭᠤᠯᠤᠯᠲᠠ ᠶᠢᠨ ᠡᠳ᠋ ᠤᠨ ᠬᠠᠮᠢᠶᠠᠷᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠰ ᠬᠤᠪᠢᠶᠠᠬᠤ᠂ ᠬᠠᠳᠠᠭᠠᠯᠠᠨ ᠳᠡᠭᠡᠭᠡᠪᠦᠷᠢᠯᠡᠬᠦ᠂ ᠪᠣᠭᠤᠳᠠᠯ ᠤᠨ ᠲᠡᠮᠳᠡᠭ ᠵᠡᠷᠭᠡ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠲᠤ ᠲᠤᠭᠲᠠᠯᠴᠠᠭ᠎ᠠ ᠶᠢᠨ ᠲᠤᠭᠤᠷᠢᠨ ᠳᠤ᠂ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ︽ᠨᠢᠭᠡ ᠪᠦᠲᠦᠭᠡᠭᠳᠡᠬᠦᠨ ᠨᠢᠭᠡ ᠲᠡᠮᠳᠡᠭ︾᠂ ︽ᠨᠢᠭᠡ ᠪᠦᠲᠦᠭᠡᠭᠳᠡᠬᠦᠨ ᠨᠢᠭᠡ ᠲᠥᠷᠥ ᠶᠢᠨ ᠪᠣᠳᠣᠯᠭ᠎ᠠ︾ ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠪᠦᠷᠢᠯᠳᠦᠬᠦᠯᠵᠦ᠂ ᠴᠢᠨᠠᠷ ᠢ ᠪᠠᠲᠤᠯᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠰᠠᠭᠤᠷᠢ ᠶᠢ ᠪᠠᠬᠢᠵᠢᠬᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃     ︵ᠳᠥᠷᠪᠡ︶ ᠶᠠᠰᠤ ᠴᠢᠨᠠᠷ ᠤᠨ ᠪᠥᠬᠦ ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠠᠮᠠᠯᠠᠭᠰᠠᠨ ᠪᠠᠷᠢᠮᠵᠢᠶ᠎ᠠ ᠳᠤ ᠬᠦᠷᠬᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠬᠡᠨ ᠤ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠤᠨ᠂ ︽ᠬᠥᠨᠳᠡᠯᠡᠨ ᠢᠶᠠᠷ ᠬᠥᠪᠡᠭᠡ ᠵᠠᠬ᠎ᠠ ᠳᠤᠨᠢ ᠬᠦᠷᠦᠭᠦᠯᠬᠦ᠂ ᠭᠤᠯᠳᠤ ᠪᠠᠷ ᠡᠴᠦᠰ ᠲᠤᠨᠢ ᠬᠦᠷᠦᠭᠦᠯᠬᠦ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠲᠤᠭᠲᠠᠯᠴᠠᠭ᠎ᠠ ᠪᠠ ᠢᠲᠡᠭᠡᠮᠵᠢ ᠶᠢᠨ ᠲᠤᠭᠲᠠᠯᠴᠠᠭ᠎ᠠ ᠶᠢ ᠪᠦᠷᠢᠯᠳᠦᠭᠦᠯᠦᠨ᠎ᠡ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠮᠦᠷᠳᠡᠬᠦ ᠲᠤᠭᠲᠠᠯᠴᠠᠭ᠎ᠠ ᠪᠠᠶᠢᠭᠤᠯᠤᠯᠲᠠ ᠶᠢ ᠪᠠᠬᠢᠵᠢᠭᠦᠯᠵᠦ᠂ ︽ᠮᠦᠷᠳᠡᠬᠦ ᠺᠣᠳ᠋ + ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠢᠯᠡᠷᠬᠡᠶᠢᠯᠡᠯ︾ ᠤᠨ ᠡᠮᠦᠨ᠎ᠡ ᠦᠵᠦᠭᠦᠷ ᠤᠨ ᠮᠦᠷᠳᠡᠬᠦ ᠵᠠᠭᠪᠤᠷ ᠢ ᠠᠯᠬᠤᠮ ᠴᠢᠨᠠᠭᠰᠢᠳᠠ ᠳᠡᠯᠭᠡᠷᠡᠭᠦᠯᠦᠨ᠎ᠡ᠃ ᠭᠠᠷᠤᠯᠲᠠ ᠶᠢᠨ ᠣᠷᠣᠨ ᠠᠴᠠ ᠵᠥᠪᠰᠢᠶᠡᠷᠡᠨ ᠭᠠᠷᠭᠠᠬᠤ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠨ᠂ ᠪᠠᠶᠢᠴᠠᠭᠠᠨ ᠰᠢᠯᠭᠠᠬᠤ᠂ ᠬᠠᠤᠯᠢ ᠬᠡᠷᠡᠭᠵᠢᠭᠦᠯᠬᠦ᠂ ᠮᠥᠷᠳᠡᠬᠦ ᠪᠠ ᠢᠲᠡᠭᠡᠮᠵᠢ ᠶᠢᠨ ᠲᠤᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠪᠠ ᠪᠥᠬᠦ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ