︵ᠵᠢᠷᠭᠤᠭ᠎ᠠ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
    ︵ᠳᠣᠯᠤᠭ᠎ᠠ︶ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠣᠶ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠪᠯᠡᠷᠡᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠪᠣᠯᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠠᠪᠠᠭᠤᠯᠢᠭ ᠣᠷᠣᠨ ᠵᠡᠷᠭᠡ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠢᠭᠡ ᠪᠦᠯᠦᠭ ᠲᠦᠷᠦᠯ ᠲᠡᠮᠳᠡᠭ ᠢ ᠪᠣᠶ ᠪᠤᠯᠭᠠᠨ᠎ᠠ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠦᠨᠢᠶᠡᠨ ᠰᠦ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭ ᠢ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠭᠠᠵᠠᠷ ᠵᠦᠢ ᠶᠢᠨ ᠲᠡᠮᠳᠡᠭ ᠲᠠᠷᠢᠶᠠᠯᠠᠩ ᠤᠨ ᠪᠦᠲᠦᠭᠡᠭᠳᠡᠬᠦᠨ ᠢ ᠳᠠᠩᠰᠠᠯᠠᠨ ᠬᠠᠮᠠᠭᠠᠯᠠᠬᠤ ᠪᠠᠷ ᠭᠤᠶᠤᠴᠢᠯᠠᠵᠤ᠂ ᠭᠠᠵᠠᠷ ᠵᠦᠢ ᠶᠢᠨ ᠲᠡᠮᠳᠡᠭ ᠲᠤᠰᠬᠠᠢ ᠲᠡᠮᠳᠡᠭ ᠢ ᠬᠡᠷᠡᠭᠯᠡᠨ᠂ ᠪᠣᠬᠢᠷᠲᠤᠯ ᠦᠭᠡᠢ᠂ ᠣᠷᠭᠠᠨᠢᠭ᠂ ᠨᠡᠷᠡᠲᠦ᠂ ᠣᠨᠴᠠ᠂ ᠰᠢᠯᠢᠳᠡᠭ᠂ ᠰᠢᠨ᠎ᠡ ᠵᠡᠷᠭᠡ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ ᠵᠣᠷᠢᠭᠵᠢᠭᠤᠯᠤᠨ ᠥᠷᠨᠢᠭᠦᠯᠦᠨ᠎ᠡ᠃ ︽ᠮᠣᠩᠭᠤᠯ ᠦᠰᠦᠭᠲᠦ ᠲᠡᠮᠳᠡᠭ︾ ᠢᠶᠠᠷ ᠤᠳᠤᠷᠢᠳᠤᠮᠵᠢ ᠪᠣᠯᠭᠠᠵᠤ᠂ ᠳᠡᠭᠡᠳᠤ ᠵᠡᠷᠬᠡᠯᠡᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃   ︵ᠨᠠᠢᠮᠠ︶ ᠲᠥᠷᠥᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠡᠩ᠂ ᠲᠦᠷᠦᠯ ᠲᠡᠮᠳᠡᠭ ᠢ ᠲᠠᠨᠢᠯᠴᠠᠭᠤᠯᠬᠤ ᠴᠤᠭᠯᠠᠭᠠᠨ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠴᠤᠭᠯᠠᠭᠠᠨ᠂ ᠠᠮᠲᠠᠲᠤ ᠢᠳᠡᠭᠡᠨ ᠤ ᠨᠠᠶᠢᠷ᠂ ᠰᠢᠨ᠎ᠡ ᠵᠠᠭᠤᠴᠢᠯᠠᠭᠤᠷ ᠵᠡᠷᠭᠡ ᠡᠵᠡᠩᠨᠡᠨ ᠪᠣᠷᠣᠯᠠᠭᠤᠯᠬᠤ ᠲᠠᠪᠴᠠᠩ ᠢ ᠭᠦᠢᠴᠡᠳ ᠠᠰᠢᠭᠯᠠᠨ᠂ ︽ᠥᠪᠥᠷ ᠮᠣᠩᠭᠤᠯ ᠢᠶᠠᠨ ᠬᠠᠶᠢᠷᠠᠯᠠᠬᠤ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠣᠷᠣᠯᠴᠠᠵᠤ᠂ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠶᠡᠬᠡᠪᠡᠷ ᠤᠬᠠᠭᠤᠯᠤᠨ ᠲᠠᠨᠢᠯᠴᠠᠭᠤᠯᠤᠨ᠎ᠠ᠃ ᠰᠣᠶᠣᠯ ᠵᠢᠭᠤᠯᠴᠢᠯᠠᠯ ᠢ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠬᠤᠳᠠᠯᠳᠤᠭᠠᠨ ᠤ ᠲᠣᠭᠤᠷᠢᠭ ᠵᠡᠷᠭᠡ ᠴᠢᠬᠤᠯᠠ ᠣᠷᠣᠨ ᠪᠦᠰᠡ ᠶᠢᠨ ᠵᠠᠷ ᠮᠡᠳᠡᠭᠡ ᠶᠢᠨ ᠣᠷᠣᠭᠤᠯᠤᠯᠲᠠ ᠶᠢ ᠨᠡᠮᠡᠭᠳᠡᠭᠦᠯᠵᠦ᠂ ︽ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠡᠮᠳᠡᠭ + ᠵᠢᠭᠤᠯᠴᠢᠯᠠᠯ ᠤᠨ ᠦᠢᠯᠡᠰ︾ ᠤᠨ ᠵᠠᠭᠪᠤᠷ ᠢᠶᠠᠷ ᠳᠠᠮᠵᠢᠭᠤᠯᠤᠨ᠂ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ ᠂ ᠴᠢᠨᠠᠷ ᠰᠠᠶᠢᠲᠠᠢ ᠰᠢᠯᠢᠳᠡᠭ ᠦᠨ᠎ᠡ ᠪᠠᠷ ᠬᠠᠷᠠᠯᠲᠠ ᠪᠣᠯᠭᠠᠵᠤ᠂ ᠲᠦᠷᠦᠯ ᠲᠡᠮᠳᠡᠭ ᠤᠨ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠭᠡᠵᠢᠩ᠂ ᠱᠠᠩᠬᠠᠢ᠂ ᠱᠧᠨᠵᠧᠨ ᠵᠡᠷᠭᠡ ᠨᠢᠭᠡᠳᠦᠭᠡᠷ ᠹᠷᠣᠨᠲ ᠤᠨ ᠬᠤᠳᠠ ᠶᠢᠨ ᠳᠡᠭᠡᠳᠦ ᠵᠡᠷᠭᠡᠯᠡᠯ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠨᠠᠷᠢᠯᠢᠭ ᠣᠨᠣᠴᠠᠲᠠᠢ ᠡᠵᠡᠩᠨᠡᠨ ᠪᠣᠷᠣᠯᠠᠭᠤᠯᠬᠤ ᠦᠢᠯᠡᠴᠢᠯᠡᠭᠡ ᠶᠢ ᠠᠭᠤᠰᠤᠯᠳᠤᠭᠤᠯᠤᠨ ᠬᠡᠷᠡᠭᠵᠢᠭᠦᠯᠦᠨ᠎ᠡ᠃ ᠤᠯᠠᠮᠵᠢᠯᠠᠯᠲᠤ ᠡᠵᠡᠩᠨᠡᠨ ᠪᠣᠷᠣᠯᠠᠭᠤᠯᠤᠯᠲᠠ ᠪᠠ ᠤᠳᠤ ᠦᠶ᠎ᠡ ᠶᠢᠨ ᠡᠵᠡᠩᠨᠡᠨ ᠪᠣᠷᠣᠯᠠᠭᠤᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ᠂ ᠬᠥᠯᠥᠨ ᠪᠤᠶᠢᠷ ᠤᠨ ᠡᠳ᠋ ᠪᠠᠷᠠᠭ᠎ᠠ ᠬᠠᠩᠭᠠᠬᠤ ᠬᠡᠯᠬᠢᠶ᠎ᠡ ᠶᠢᠨ ᠲᠠᠪᠴᠠᠩ ᠤᠨ ᠡᠵᠡᠩᠨᠡᠯᠲᠡ ᠶᠢ ᠦᠷᠭᠦᠯᠵᠢᠯᠡᠨ ᠰᠠᠶᠢᠲᠤᠷ ᠬᠢᠵᠦ᠂ ᠵᠢᠩ ᠳ᠋ᠦᠩ᠂ ᠲᠢᠶᠠᠨ ᠮᠤᠤ᠂ ᠰᠦ᠋ ᠨᠢᠩ ᠵᠡᠷᠭᠡ ᠰᠦᠯᠵᠢᠶ᠎ᠡ ᠪᠠᠷ ᠪᠣᠷᠣᠯᠠᠭᠤᠯᠬᠤ ᠠᠵᠤ ᠠᠬᠤᠶᠢᠯᠠᠯ ᠲᠠᠢ ᠬᠠᠮᠲᠤᠷᠠᠯᠴᠠᠵᠤ᠂ ᠬᠥᠯᠥᠨ ᠪᠤᠶᠢᠷ ᠤᠨ ᠣᠨᠴᠠᠯᠢᠭᠲᠤ ᠪᠦᠲᠦᠭᠡᠭᠳᠡᠬᠦᠨ ᠤ ᠣᠷᠳᠣᠨ ᠢ ᠪᠠᠶᠢᠭᠤᠯᠤᠨ᠎ᠠ᠃ ᠳᠤᠮᠳᠠᠳᠤ ᠣᠷᠣᠰ ᠮᠣᠩᠭᠤᠯ ᠤᠨ ᠪᠣᠳᠠᠰ ᠤᠨ ᠭᠠᠷᠤᠯᠲᠠ ᠶᠢᠨ ᠦᠵᠡᠭᠦᠯᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠯᠥᠨ ᠪᠤᠶᠢᠷ ᠤᠨ ᠪᠣᠳᠠᠰ ᠤᠨ ᠭᠠᠷᠤᠯᠲᠠ ᠶᠢᠨ ᠬᠤᠰᠢᠭᠤᠴᠢ ᠳᠡᠯᠭᠡᠭᠦᠷ ᠢ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ