︵ᠳᠤᠯᠤᠭ᠎ᠠ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
    ︵ᠶᠢᠰᠦ︶ ᠲᠦᠷᠦᠯ ᠲᠡᠮᠳᠡᠭ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠎ᠠ᠃ ᠡᠯ᠎ᠡ ᠭᠠᠵᠠᠷ ᠤᠨ ᠬᠢᠨ ᠣᠷᠣᠨ ᠪᠦᠰᠡ᠂ ᠤᠯᠠᠮᠵᠢᠯᠠᠯᠲᠤ ᠣᠨᠴᠠᠯᠢᠭ ᠲᠠᠢ ᠪᠠᠨ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠬᠢᠭᠡᠳ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠳᠤᠮᠳᠠᠬᠢ ᠤᠷ᠎ᠠ ᠮᠡᠷᠭᠡᠰᠢᠯ᠂ ᠨᠤᠲᠤᠭ ᠤᠨ ᠵᠠᠩ ᠠᠷᠠᠨᠰᠢᠯ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠭᠦᠨ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠤᠯᠠᠮᠵᠢᠯᠠᠯᠳᠤ ᠭᠠᠷ ᠤᠷᠠᠯᠠᠯ᠂ ᠬᠠᠭᠤᠴᠢᠨ ᠨᠠᠷᠠᠲᠤ ᠲᠡᠮᠳᠡᠭ᠂ ᠬᠠᠭᠤᠴᠢᠨ ᠡᠭᠦᠯᠳᠡᠷ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠷᠠᠭᠤᠯᠤᠨ᠂ ᠰᠣᠶᠣᠯ ᠤᠨ ᠠᠭᠤᠯᠤᠭᠳᠠᠬᠤᠨ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ᠎ᠠ᠃ ︵ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃   ︵ᠠᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠡᠵᠡᠩᠨᠡᠯᠲᠡ ᠶᠢᠨ ᠭᠤᠤᠯ ᠴᠣᠭᠴᠠ ᠨᠢ ᠲᠥᠷᠥᠯ ᠲᠡᠮᠳᠡᠭ ᠢ ᠪᠤᠶᠢᠵᠢᠭᠤᠯᠬᠤ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠭᠠᠳᠠᠭᠠᠳᠤ ᠶᠢᠨ ᠲᠥᠷᠥᠯ ᠲᠡᠮᠳᠡᠭ ᠢ ᠡᠭᠦᠳᠦᠨ ᠪᠠᠶᠢᠭᠤᠯᠬᠤ ᠺᠣᠮᠫᠠᠨᠢ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠬᠥᠯᠥᠨ ᠪᠤᠶᠢᠷ ᠤᠨ ᠲᠥᠷᠥᠯ ᠳᠡᠮᠳᠡᠭ ᠤᠨ ᠪᠠᠶᠢᠭᠤᠯᠤᠯᠲᠠ ᠳᠤ ᠣᠶᠤᠨ ᠤ ᠲᠤᠯᠭᠠᠭᠤᠷᠢᠯᠠᠯ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠥᠷᠥᠯ ᠲᠡᠮᠳᠡᠭ ᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠣᠷᠣᠯᠴᠠᠵᠤ᠂ ᠲᠥᠷᠥᠯ ᠲᠡᠮᠳᠡᠭ ᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠂ ᠲᠥᠷᠥᠯ ᠲᠡᠮᠳᠡᠭ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠥᠷᠥᠯ ᠲᠡᠮᠳᠡᠭ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠳᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ