︵ᠨᠠᠢᠮᠠ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
  ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ   ︵ᠨᠢᠭᠡ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 3 ᠰᠠᠷ᠎ᠠ — 2021 ᠣᠨ ᠤ 12 ᠰᠠᠷ᠎ᠠ︶᠃ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠨ᠂ ᠭᠤᠤᠯᠳᠠᠯᠭ᠎ᠠ ᠲᠠᠢ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠠᠭᠤᠷᠢ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠠᠷ᠎ᠠ ᠳᠠᠯᠳᠠᠤ᠂ ᠦᠨᠢᠶᠡᠨ ᠰᠦ᠂ ᠦᠬᠡᠷ ᠤᠨ ᠮᠢᠬ᠎ᠠ᠂ ᠲᠥᠮᠥᠰᠥ᠂ ᠭᠠᠶᠢᠮᠤ ᠶᠢᠨ ᠲᠣᠰᠣ᠂ ᠬᠥᠬᠡ ᠵᠢᠮᠢᠰᠭᠡᠨ᠎ᠡ᠂ ᠰᠢᠷ᠎ᠠ ᠪᠤᠷᠴᠠᠭ ᠵᠡᠷᠭᠡ 8 ᠲᠣᠮᠣ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠵᠢᠷᠤᠮᠵᠢᠭᠤᠯᠤᠨ ᠲᠣᠭᠲᠠᠭᠠᠬᠤ ᠶᠢ ᠴᠢᠩᠭᠠᠳᠬᠠᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠭᠤᠶᠤᠴᠢᠯᠠᠨ ᠡᠷᠬᠡ ᠣᠯᠭᠤᠵᠤ ᠬᠡᠷᠡᠭᠯᠡᠭᠦᠯᠬᠦ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠠᠵᠤ ᠦᠢᠯᠡᠰ ᠤᠨ ᠶᠠᠰᠤ ᠴᠢᠨᠠᠷ ᠤᠨ ᠪᠠᠲᠤᠯᠠᠭ᠎ᠠ ᠬᠢᠭᠡᠳ ᠮᠦᠷᠳᠡᠬᠦ ᠬᠠᠮᠢᠶᠠᠷᠤᠯᠲᠠ ᠶᠢᠨ ᠲᠠᠪᠴᠠᠩ ᠤᠨ ᠬᠠᠮᠢᠶᠠᠷᠤᠯᠲᠠ ᠵᠢᠴᠢ ᠲᠠᠯ᠎ᠠ ᠨᠤᠲᠤᠭ ᠤᠨ ᠬᠤᠨᠢᠨ ᠤ ᠮᠡᠳᠡᠭᠡ ᠵᠠᠩᠭᠢ ᠶᠢ ᠮᠦᠷᠳᠡᠬᠦ ᠶᠢ ᠠᠬᠢᠭᠤᠯᠵᠤ᠂ ᠮᠦᠷᠳᠡᠬᠦ ᠲᠠᠪᠴᠠᠩ ᠤᠨ ᠬᠤᠷᠰᠢᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ᠂ ᠲᠥᠷᠥᠯ ᠲᠡᠮᠳᠡᠭ ᠤᠨ ᠢᠯᠭᠠᠬᠤ ᠲᠡᠮᠳᠡᠭ᠂ ᠤᠬᠠᠭᠤᠯᠭ᠎ᠠ ᠶᠢᠨ ᠸᠢᠳᠢᠤ᠋ ᠶᠢ ᠢᠳᠡᠪᠬᠢᠲᠡᠶ ᠪᠠᠷ ᠰᠠᠶᠢᠲᠤᠷ ᠬᠢᠨ᠎ᠠ᠃ ᠬᠥᠯᠥᠨ ᠪᠤᠶᠢᠷ ᠤᠨ ᠡᠳ᠋ ᠪᠠᠷᠠᠭᠠᠨ ᠤ ᠬᠠᠩᠭᠠᠯᠭ᠎ᠠ ᠶᠢᠨ ᠬᠡᠯᠬᠢᠶᠡᠨ ᠤ ᠲᠠᠪᠴᠠᠩ ᠤᠨ ᠡᠵᠡᠩᠨᠡᠯᠲᠡ ᠶᠢ ᠪᠠᠬᠢᠵᠢᠭᠦᠯᠵᠦ᠂ ᠲᠤᠤ ᠪᠦᠦ᠂ ᠵᠢᠩ ᠳ᠋ᠦᠩ᠂ ᠶᠢᠦ ᠽᠠᠨ ᠵᠡᠷᠭᠡ ᠰᠦᠯᠵᠢᠶᠡᠨ ᠳᠡᠭᠡᠷᠡᠬᠢ ᠬᠤᠰᠢᠭᠤᠴᠢ ᠳᠡᠯᠭᠡᠭᠦᠷ ᠨᠡᠭᠡᠭᠡᠨ᠎ᠡ᠃ ᠤᠯᠤᠰ ᠤᠨ ᠳᠣᠲᠣᠭᠠᠳᠤ ᠶᠢᠨ ᠲᠠᠷᠢᠶᠠᠯᠠᠩ ᠤᠨ ᠤᠯᠠᠨ ᠪᠦᠲᠦᠭᠡᠭᠳᠡᠬᠦᠨ ᠤ ᠳᠤᠮᠳᠠ ᠳᠡᠭᠡᠳᠦ ᠵᠡᠷᠭᠡᠯᠡᠯ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠪᠣᠳᠠᠲᠤ ᠬᠦᠴᠦᠨ ᠲᠠᠢ ᠠᠵᠤ ᠠᠬᠤᠶᠢᠯᠠᠯ ᠲᠠᠢ ᠬᠤᠯᠪᠣᠭᠠᠯᠠᠨ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠠᠵᠢᠯ ᠢ ᠥᠷᠨᠢᠭᠦᠯᠦᠨ᠎ᠡ᠃   ︵ᠬᠤᠶᠠᠷ︶ ᠪᠥᠬᠦ ᠲᠠᠯ᠎ᠠ ᠪᠠᠷ ᠪᠠᠬᠢᠵᠢᠭᠦᠯᠬᠦ ᠱᠠᠲᠤ ᠦᠶ᠎ᠡ ︵2022 ᠣᠨ ᠤ 1 ᠰᠠᠷ᠎ᠠ — 2022 ᠣᠨ ᠤ 12 ᠰᠠᠷ᠎ᠠ︶᠃ ᠲᠥᠷᠥᠯ ᠲᠡᠮᠳᠡᠭᠲᠦ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠵᠡᠷᠭᠡ ᠲᠤᠰᠬᠠᠶ ᠪᠠᠶᠢᠭᠤᠯᠤᠮᠵᠢ ᠳᠤ ᠨᠠᠶᠢᠳᠠᠨ ᠦᠬᠡᠷ ᠤᠨ ᠮᠢᠬ᠎ᠠ᠂ ᠰᠢᠷ᠎ᠠ ᠪᠤᠷᠴᠠᠭ᠂ ᠦᠨᠢᠶᠡᠨ ᠰᠦ᠂ ᠬᠠᠷ᠎ᠠ ᠳᠠᠯᠳᠠᠤ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠨ᠎ᠠ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠥᠷᠥᠯ ᠲᠡᠮᠳᠡᠭ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠡᠬᠢ ᠪᠠᠶᠠᠯᠢᠭ ᠤᠨ ᠤᠤᠭᠠᠯ ᠥᠯᠢᠭᠡᠷ ᠢ ᠰᠠᠶᠢᠲᠤᠷ ᠶᠠᠷᠢᠨ᠎ᠠ᠃ ᠬᠥᠬᠡᠬᠤᠲᠠ ᠵᠢᠴᠢ ᠬᠥᠯᠥᠨ ᠪᠤᠶᠢᠷ ᠤᠨ ᠣᠷᠣᠨ ᠪᠦᠰᠡ ᠶᠢᠨ ᠳᠣᠲᠣᠷᠠᠬᠢ ᠨᠢᠰᠬᠡᠯ ᠤᠨ ᠪᠠᠭᠤᠳᠠᠯ ᠤᠨ ᠭᠤᠤᠯᠳᠠᠯᠭ᠎ᠠ ᠲᠠᠢ ᠭᠠᠵᠠᠷ ᠲᠤ ᠭᠤᠤᠯᠳᠠᠯᠭ᠎ᠠ ᠲᠠᠢ ᠵᠠᠷ ᠮᠡᠳᠡᠭᠡ ᠲᠠᠯᠪᠢᠨ᠎ᠠ᠃ ᠤᠯᠤᠰ ᠤᠨ ᠳᠣᠲᠣᠭᠠᠳᠤ ᠶᠢᠨ ᠡᠯ᠎ᠡ ᠶᠡᠭᠡ ᠦᠵᠡᠰᠬᠦᠯᠡᠩ ᠢ ᠠᠰᠢᠭᠯᠠᠨ ᠲᠥᠷᠥᠯ ᠲᠡᠮᠳᠡᠭ ᠢ ᠲᠠᠨᠢᠯᠴᠠᠭᠤᠯᠵᠤ᠂ ᠲᠥᠷᠥᠯ ᠲᠡᠮᠳᠡᠭ ᠤᠨ ᠳᠦᠷᠢ ᠲᠥᠷᠬᠦ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠳᠤᠮᠳᠠ ᠳᠡᠭᠡᠳᠦ ᠵᠡᠷᠭᠡᠯᠡᠯ ᠤᠨ ᠠᠷᠭ᠎ᠠ ᠵᠠᠮ ᠢ ᠥᠷᠭᠡᠳᠬᠡᠨ᠂ ᠰᠦᠯᠵᠢᠶᠡᠨ ᠳᠡᠭᠡᠷᠡᠬᠢ ᠠᠷᠭ᠎ᠠ ᠵᠠᠮ ᠢ ᠪᠠᠶᠢᠷᠢᠰᠢᠭᠤᠯᠵᠤ᠂ ᠰᠦᠯᠵᠢᠶᠡᠨ ᠭᠠᠳᠠᠨᠠᠬᠢ ᠡᠭᠦᠳᠡᠨ ᠳᠡᠯᠭᠡᠭᠦᠷ ᠢ ᠪᠥᠲᠥᠭᠡᠨ ᠪᠠᠶᠢᠭᠤᠯᠤᠨ᠎ᠠ᠃ ᠪᠦᠬᠦ ᠠᠷᠭ᠎ᠠ ᠵᠠᠮ ᠢᠶᠠᠷ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠮᠦᠷᠳᠡᠬᠦ ᠲᠦᠪᠰᠢᠨ ᠢ ᠠᠯᠬᠤᠮ ᠴᠢᠨᠠᠭᠰᠢᠳᠠ ᠳᠡᠭᠡᠭᠰᠢᠯᠡᠭᠦᠯᠦᠨ᠎ᠡ᠃ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ