︵ᠶᠢᠰᠦ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
    ︵ᠭᠤᠷᠪᠠ︶ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠲᠤ ᠦᠶ᠎ᠡ ︵2023 ᠣᠨ ᠤ 1 ᠰᠠᠷ᠎ᠠ — 2023 ᠣᠨ ᠤ 11 ᠰᠠᠷ᠎ᠠ︶᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠬᠢᠨᠠᠨ ᠬᠠᠮᠢᠶᠠᠷᠬᠤ ᠵᠢᠴᠢ ᠪᠠᠷᠢᠮᠵᠢᠶ᠎ᠠ ᠶᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠷᠬᠡ ᠣᠯᠭᠤᠭᠰᠠᠨ ᠠᠵᠤ ᠠᠬᠤᠶᠢᠯᠠᠯ ᠳᠤ ᠬᠥᠳᠡᠯᠦᠩᠭᠦᠶ ᠪᠠᠷ ᠬᠢᠨᠠᠨ ᠰᠢᠨᠵᠢᠬᠦ᠂ ᠣᠷᠣᠭᠤᠯᠬᠤ ᠪᠠ ᠭᠠᠷᠭᠠᠬᠤ ᠶᠢ ᠭᠦᠢᠴᠡᠳᠬᠡᠨ᠎ᠡ᠃ ᠪᠦᠬᠦ ᠤᠯᠤᠰ ᠤᠨ ᠨᠡᠯᠢᠶᠡᠳ ᠶᠡᠭᠡ ᠠᠯᠳᠠᠷᠰᠢᠯ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ 2 ᠠᠴᠠ ᠳᠡᠭᠡᠭᠰᠢ ᠳᠤ ᠬᠦᠷᠦᠭᠦᠯᠵᠦ᠂ ᠬᠥᠯᠥᠨ ᠪᠤᠶᠢᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠦᠬᠦ ᠤᠯᠤᠰ ᠤᠨ ᠲᠡᠷᠢᠭᠦᠨ ᠪᠠᠶᠢᠷᠢᠨ ᠳᠤ ᠣᠷᠣᠭᠤᠯᠬᠤ ᠪᠠᠷ ᠴᠢᠷᠮᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠬᠦ ᠲᠤᠭᠲᠠᠯᠴᠠᠭ᠎ᠠ ᠶᠢ ᠦᠷᠭᠦᠯᠵᠢᠯᠡᠨ ᠲᠠᠰ ᠳᠡᠪᠰᠢᠭᠦᠯᠵᠦ᠂ ᠣᠶᠤᠨᠴᠢ ᠲᠠᠷᠢᠶᠠᠯᠠᠩ ᠤᠨ ᠲᠤᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠤᠨ᠂ ᠲᠣᠭᠠᠴᠢᠯᠠᠭᠰᠠᠨ ᠮᠡᠷᠭᠡᠵᠢᠯ ᠤᠨ ᠮᠦᠷᠳᠡᠬᠦ ᠮᠡᠷᠭᠡᠵᠢᠯ ᠢ ᠠᠯᠬᠤᠮ ᠠᠯᠬᠤᠮ ᠢᠶᠠᠷ ᠬᠡᠷᠡᠭᠯᠡᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠲᠥᠷᠥᠯ ᠤᠨ ᠮᠦᠷᠳᠡᠬᠦ ᠶᠢ ᠪᠡᠶᠡᠯᠡᠭᠦᠯᠦᠨ᠂ ᠬᠥᠯᠥᠨ ᠪᠤᠶᠢᠷ ᠤᠨ ᠶᠠᠰᠤ ᠴᠢᠨᠠᠷ ᠤᠨ ᠮᠦᠷᠳᠡᠬᠦ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠥᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠦᠭᠦᠯᠬᠦ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠤ ᠬᠥᠯᠥᠨ ᠪᠤᠶᠢᠷ ᠤᠨ ᠡᠳ᠋ ᠭᠠᠷᠤᠯᠲᠠ ᠶᠢᠨ ᠬᠤᠰᠢᠭᠤᠴᠢ ᠳᠡᠯᠭᠡᠭᠦᠷ ᠢ ᠦᠷᠭᠦᠯᠵᠢᠯᠡᠨ ᠪᠠᠶᠢᠭᠤᠯᠤᠨ᠎ᠠ᠃ ᠭᠤᠣᠯ ᠪᠣᠯᠬᠤ ᠳᠤᠮᠳᠠ ᠳᠡᠭᠡᠳᠤ ᠵᠡᠷᠭᠡᠯᠡᠯ ᠤᠨ ᠠᠷᠭ᠎ᠠ ᠵᠠᠮ ᠢ ᠥᠷᠭᠡᠳᠬᠡᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠢ ᠪᠦᠬᠦᠨ ᠢ ᠪᠦᠷᠬᠦᠭᠦᠯᠦᠨ᠎ᠡ᠃ ᠲᠥᠷᠥᠯ ᠲᠡᠮᠳᠡᠭ ᠢ ᠤᠬᠠᠭᠤᠯᠤᠨ ᠳᠡᠯᠭᠡᠷᠡᠭᠦᠯᠬᠦ ᠵᠢᠴᠢ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠡ᠃ ᠬᠤᠰᠢᠭᠤᠴᠢ ᠳᠡᠯᠭᠡᠭᠦᠷ᠂ ᠠᠷᠭ᠎ᠠ ᠵᠠᠮ᠂ ᠲᠦᠷᠦᠯ ᠲᠡᠮᠳᠡᠭ ᠤᠨ ᠤᠬᠠᠭᠤᠯᠭ᠎ᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠠ ᠳᠡᠭᠡᠳᠤ ᠵᠡᠷᠭᠡᠯᠡᠯ ᠤᠨ ᠠᠷᠭ᠎ᠠ ᠵᠠᠮ ᠤᠨ ᠡᠵᠡᠯᠡᠬᠦ ᠨᠣᠷᠮ᠎ᠠ ᠶᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠬᠥᠯᠥᠨ ᠪᠤᠶᠢᠷ ᠤᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠ ᠳᠡᠭᠡᠳᠤ ᠵᠡᠷᠭᠡᠯᠡᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠭᠤᠣᠯ ᠪᠣᠯᠬᠤ ᠬᠡᠷᠡᠭᠯᠡᠭᠡᠨ ᠤ ᠪᠦᠲᠦᠭᠡᠭᠳᠡᠬᠦᠨ ᠪᠣᠯᠭᠠᠬᠤ ᠪᠠᠷ ᠴᠢᠷᠮᠠᠶᠢᠨ᠎ᠠ᠃ ᠬᠥᠯᠥᠨ ᠪᠤᠶᠢᠷ ᠤᠨ ᠮᠠᠯ ᠤᠨ ᠠᠰᠢᠭ ᠰᠢᠮ᠎ᠡ ᠣᠶ ᠶᠢᠨ ᠭᠠᠷᠤᠯᠳᠠ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠡᠰᠢᠲᠦ ᠡᠵᠡᠩᠨᠡᠯᠲᠡ ᠶᠢᠨ ᠪᠠᠶᠢᠳᠠᠯ ᠢ ᠪᠣᠶ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠢᠶᠠᠷ ᠳᠠᠮᠵᠢᠭᠤᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ ᠡᠯ᠎ᠡ ᠭᠤᠭᠴᠤᠭ᠎ᠠ ᠶᠢᠨ ᠬᠥᠭᠵᠢᠯᠲᠡ ᠬᠢᠭᠡᠳ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠵᠦ᠂ ᠬᠥᠯᠥᠨ ᠪᠤᠶᠢᠷ ᠬᠤᠲᠠ ᠶᠢᠨ ᠠᠮᠢ ᠠᠬᠤᠶ ᠶᠢᠨ ᠮᠠᠯ ᠤᠨ ᠠᠰᠢᠭ ᠰᠢᠮ᠎ᠡ ᠣᠶ ᠶᠢᠨ ᠭᠠᠷᠤᠯᠳᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢᠨ ᠴᠢᠬᠤᠯᠠ ᠲᠤᠯᠭᠠᠭᠤᠷᠢᠯᠠᠬᠤ ᠴᠡᠭ ᠪᠣᠯᠤᠨ᠎ᠠ᠃   ︵ᠳᠥᠷᠪᠡ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠰᠠᠷ᠎ᠠ — 12 ᠰᠠᠷ᠎ᠠ︶᠃ ᠪᠥᠬᠦ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠦᠨᠡᠯᠡᠨ ᠵᠢᠱᠢᠵᠦ ᠰᠢᠯᠭᠠᠨ ᠬᠤᠷᠢᠶᠠᠵᠤ᠂ ᠲᠤᠷᠰᠢᠯᠭ᠎ᠠ ᠪᠠᠨ ᠳ᠋ᠦᠩᠨᠡᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠵᠢᠷᠤᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠬᠦᠯᠬᠦ ᠶᠢ ᠪᠡᠶᠡᠯᠡᠬᠦᠯᠵᠦ᠂ ᠲᠥᠷᠥᠯ ᠲᠡᠮᠳᠡᠭ ᠤᠨ ᠦᠨ᠎ᠡ ᠥᠷᠲᠡᠭ ᠢ ᠲᠠᠰᠤᠷᠠᠯᠲᠠ ᠥᠬᠡᠶ ᠠᠬᠢᠭᠤᠯᠤᠨ ᠳᠡᠪᠰᠢᠬᠦᠯᠦᠨ᠎ᠡ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ