︵ᠠᠷᠪᠠᠨ ᠨᠢᠭᠡ︶ ᠬᠥᠯᠥᠨ ᠪᠤᠶᠢᠷ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠤᠨ︶
ᠨᠡᠶᠢᠲᠡᠯᠡᠭᠰᠡᠨ ᠴᠠᠭ᠄
2022/3/14
  ︵ᠳᠥᠷᠪᠡ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠡᠯ᠎ᠡ ᠲᠥᠷᠥᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠲᠥᠷᠥᠯ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠡᠵᠡᠩᠨᠡᠨ ᠪᠣᠷᠣᠯᠠᠭᠤᠯᠬᠤ᠂ ᠠᠷᠭ᠎ᠠ ᠵᠠᠮ᠂ ᠪᠠᠷᠠᠭᠠᠨ ᠤ ᠭᠦᠢᠯᠭᠡᠭᠡ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠬᠦᠴᠦᠨ ᠢᠶᠠᠨ ᠲᠥᠪᠯᠡᠷᠡᠭᠦᠯᠦᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠳᠡᠮᠵᠢᠵᠦ᠂ ᠣᠯᠠᠨ ᠵᠦᠢᠯ ᠤᠨ ᠬᠡᠯᠪᠡᠷᠢ ᠶᠢ ᠠᠪᠴᠤ ᠪᠠᠶᠢᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠥᠭᠵᠢᠯᠲᠡ ᠶᠢᠨ ︽ᠱᠠᠩᠨᠠᠯ ᠢᠶᠠᠷ ᠨᠥᠬᠦᠪᠥᠷᠢ ᠶᠢ ᠣᠷᠣᠯᠠᠭᠤᠯᠬᠤ︾ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠨ᠎ᠠ᠃   ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠬᠤᠲᠠ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠵᠡᠩᠨᠡᠨ ᠬᠤᠳᠠᠯᠳᠤᠭᠠᠯᠠᠬᠤ ᠠᠰᠤᠷᠤ ᠰᠠᠶᠢᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠵᠤ᠂ ᠦᠢᠯᠡᠴᠢᠯᠡᠬᠡᠨ ᠤ ᠲᠦᠪᠰᠢᠨ ᠢ ᠳᠡᠭᠡᠭᠰᠢᠯᠡᠬᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠲᠥᠷᠥᠯ ᠲᠡᠮᠳᠡᠭ ᠢ ᠤᠬᠠᠭᠠᠯᠠᠨ ᠰᠡᠳᠦᠬᠦ ᠪᠠᠶᠢᠭᠤᠯᠤᠮᠵᠢ ᠪᠣᠯᠤᠨ ᠡᠯ᠎ᠡ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ᠂ ᠬᠠᠮᠢᠶᠠᠷᠬᠤ ᠪᠠ ᠬᠠᠮᠠᠭᠠᠯᠠᠬᠤ ᠳᠤ ᠴᠢᠭᠯᠡᠭᠦᠯᠦᠭᠰᠡᠨ ᠰᠠᠭᠤᠷᠢ ᠰᠤᠳᠤᠯᠤᠯ ᠥᠷᠨᠢᠭᠦᠯᠬᠦ ᠶᠢ ᠳᠡᠮᠵᠢᠵᠦ᠂ ᠲᠥᠷᠥᠯ ᠲᠡᠮᠳᠡᠭ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠨ᠂ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠲᠦᠷᠦᠯ ᠲᠡᠮᠳᠡᠭ ᠢ ᠳᠡᠯᠭᠡᠷᠡᠭᠦᠯᠦᠨ ᠡᠵᠡᠩᠨᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ ᠯᠠᠪᠯᠠᠭ᠎ᠠ ᠨᠡᠶᠢᠲᠡᠯᠡᠬᠦ᠂ ᠡᠷᠬᠡ ᠠᠰᠢᠭ ᠢᠶᠠᠨ ᠬᠠᠮᠠᠭᠠᠯᠠᠬᠤ ᠵᠠᠭᠠᠯᠳᠤᠯᠭ᠎ᠠ ᠶᠢ ᠵᠣᠬᠢᠴᠠᠭᠤᠯᠬᠤ ᠵᠡᠷᠭᠡ ᠬᠤᠯᠪᠣᠭᠳᠠᠯ ᠪᠥᠬᠦᠶ ᠦᠢᠯᠡᠴᠢᠯᠡᠭᠡ ᠬᠠᠩᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠪᠠᠶᠢᠭᠤᠯᠤᠯᠲᠠ ᠳᠤ ᠴᠢᠬᠤᠯᠠ ᠪᠥᠬᠦᠶ ᠰᠢᠢᠳᠪᠦᠷᠢᠲᠦ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃   ︵ᠵᠢᠷᠭᠤᠭ᠎ᠠ︶ ᠪᠠᠶᠢᠴᠠᠭᠠᠵᠤ ᠰᠢᠯᠭᠠᠨ ᠦᠨᠡᠯᠡᠬᠦ ᠶᠢ ᠥᠷᠨᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠠᠴᠠ ᠡᠯ᠎ᠡ ᠬᠤᠰᠢᠭᠤ ᠬᠤᠲᠠ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠡᠭᠦᠳᠦᠨ ᠪᠠᠶᠢᠭᠤᠯᠤᠭᠰᠠᠨ ᠪᠠᠶᠢᠳᠠᠯ ᠢ ᠰᠢᠯᠭᠠᠨ ᠬᠢᠨᠠᠵᠤ ᠦᠨᠡᠯᠡᠬᠦ ᠳᠤ ᠣᠷᠣᠭᠤᠯᠤᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶᠢᠵᠢᠭᠤᠯᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠪᠠ ᠰᠠᠶᠢᠨ ᠬᠡᠷᠡᠭ ᠤᠨ ᠵᠢᠱᠢᠶ᠎ᠡ ᠶᠢ ᠳ᠋ᠦᠩᠨᠡᠬᠦ ᠪᠠ ᠳᠡᠯᠭᠡᠷᠡᠭᠦᠯᠬᠦ ᠶᠢ ᠴᠢᠬᠤᠯᠠᠴᠢᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃
ᠢᠷᠡᠯᠲᠡ᠄ ᠬᠥᠯᠦᠨ ᠪᠦᠢᠷ ᠬᠤᠲᠠ ᠶᠢᠨ ᠵᠠᠰᠠᠭ ᠤᠨ ᠣᠷᠳᠣᠨ