ᠬᠠᠪᠤᠷ ᠤᠨ ᠤᠯᠠᠷᠢᠯ ᠤᠨ ᠠᠭᠤᠷ ᠠᠮᠢᠰᠬᠤᠯ ᠬᠤᠪᠢᠷᠠᠯᠲᠠ ᠶᠡᠬᠡᠲᠡᠶ᠂ ᠠᠮᠢᠲᠠᠨ ᠤ ᠬᠢᠵᠢᠭ ᠡᠪᠡᠳᠴᠢᠨ ᠣᠯᠠᠨ | ᠡᠭᠦᠰᠳᠡᠭ ᠤᠯᠠᠷᠢᠯ ᠪᠣᠯᠤᠨ᠎ᠠ᠃ ᠠᠮᠢᠲᠠᠨ ᠤ ᠬᠢᠵᠢᠭ ᠡᠪᠡᠳᠴᠢᠨ ᠡᠭᠦᠰᠬᠦ ᠶᠢ ᠪᠦᠲᠦᠮᠵᠢᠲᠡᠢ ᠰᠡᠷᠭᠡᠶᠢᠯᠡᠨ | ᠬᠢᠵᠠᠭᠠᠷᠯᠠᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠡᠷᠡᠭᠦᠯ ᠲᠣᠭᠲᠠᠭᠤᠨ ᠢᠶᠠᠷ ᠬᠥᠭᠵᠢᠬᠦ ᠶᠢ | ᠪᠠᠲᠤᠯᠠᠬᠤ ᠶᠢᠨ ᠲᠥᠯᠥᠭᠡ᠂ 3 ᠰᠠᠷ᠎ᠠ ᠶᠢᠨ 18 ᠤ ᠡᠳᠦᠷ᠂ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ | ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠶᠠᠨ ᠶᠠᠨ ᠵᠢᠶᠦ᠋ᠨ ᠠᠵᠢᠯᠲᠠᠳ ᠢᠶᠠᠨ ᠳᠠᠭᠠᠭᠤᠯᠤᠨ ᠠᠶᠢᠯ | ᠲᠣᠰᠬᠤᠨ ᠳᠤ ᠭᠦᠨᠵᠡᠭᠡᠶᠢᠷᠡᠵᠦ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ | ᠠᠵᠢᠯ ᠢ ᠥᠷᠨᠢᠭᠦᠯᠪᠡ᠃ | | ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ | ᠲᠥᠪ ᠤᠨ ᠠᠵᠢᠯᠲᠠᠨ ᠲᠡᠵᠢᠭᠡᠨ ᠦᠷᠡᠵᠢᠭᠦᠯᠬᠦ ᠡᠷᠦᠬᠡ ᠳᠤ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠮᠡᠳᠡᠯᠭᠡ | ᠪᠣᠯᠤᠨ ᠸᠠᠺᠼᠢᠨ ᠤ ᠲᠠᠷᠢᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠶᠡᠷᠦ ᠶᠢᠨ | ᠮᠡᠳᠡᠯᠭᠡ ᠶᠢ ᠲᠠᠶᠢᠯᠪᠤᠷᠢᠯᠠᠨ ᠥᠭᠴᠦ᠂ ᠡᠷᠦᠬᠡ ᠳᠤ ᠬᠦᠷᠴᠦ ᠬᠠᠪᠤᠷ ᠤᠨ ᠤᠯᠠᠷᠢᠯ ᠤᠨ ᠬᠢᠵᠢᠭ ᠰᠡᠷᠭᠡᠶᠢᠯᠡᠬᠦ ᠶᠢᠨ | ᠴᠢᠬᠤᠯᠠ ᠴᠢᠨᠠᠷ ᠢ ᠤᠬᠠᠭᠤᠯᠵᠤ᠂ ᠡᠯ᠎ᠡ ᠲᠣᠰᠬᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠮᠢᠨᠴᠦᠭᠦᠷᠡᠨ ᠲᠠᠶᠢᠪᠤᠰᠢᠷᠠᠬᠤ ᠭᠤᠷᠢᠳᠠᠯᠭ᠎ᠠ ᠶᠢ ᠡᠷᠡᠰ ᠲᠡᠪᠴᠢᠵᠦ᠂ ︽ᠬᠢᠵᠢᠭ ᠤᠨ ᠪᠠᠶᠢᠳᠠᠯ ᠤᠨ ᠠᠶᠤᠯ | ᠲᠦᠭᠰᠢᠭᠦᠷᠢ ᠨᠢ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠠᠴᠠ ᠶᠡᠭᠡ︾ ᠪᠠᠶᠢᠬᠤ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠣᠯᠠᠨ ᠲᠦᠮᠡᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠲᠤᠬᠠᠶ ᠲᠠᠨᠢᠯᠲᠠ ᠶᠢ ᠴᠢᠩᠭᠠᠳᠬᠠᠨ᠂ | ᠤᠯᠤᠰ ᠤᠨ ᠠᠯᠪᠠᠳᠠᠯᠭ᠎ᠠ ᠪᠠᠷ ᠡᠭᠡᠯᠢᠯᠡᠭᠡ ᠶᠢᠨ ᠲᠥᠷᠥ ᠶᠢᠨ ᠪᠣᠳᠣᠯᠭ᠎ᠠ ᠵᠢᠴᠢ ᠬᠥᠮᠦᠨ ᠮᠠᠯ ᠳᠤ ᠪᠦᠷ ᠲᠤᠰᠳᠠᠭ | ᠡᠪᠡᠳᠴᠢᠨ ᠤ ᠬᠠᠮᠢᠶ᠎ᠠ ᠪᠥᠬᠦᠶ ᠮᠡᠳᠡᠯᠭᠡ ᠶᠢ ᠶᠡᠭᠡ ᠪᠠᠷ ᠤᠬᠠᠭᠤᠯᠵᠤ᠂ ᠥᠷᠭᠡᠨ ᠣᠯᠠᠨ ᠲᠦᠮᠡᠨ ᠢ ᠦᠵᠡᠯ ᠰᠠᠨᠠᠭ᠎ᠠ᠂ | ᠦᠢᠯᠡ ᠠᠵᠢᠯᠯᠠᠭ᠎ᠠ ᠶᠢᠨ ᠲᠠᠯ᠎ᠠ ᠪᠠᠷ ᠴᠢᠬᠤᠯᠠᠴᠢᠯᠠᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | | ᠲᠣᠰ ᠤᠳᠠᠭᠠᠨ ᠤ ᠤᠬᠠᠭᠤᠯᠭ᠎ᠠ ᠶᠢᠨ ᠰᠤᠷᠪᠤᠯᠵᠢᠯᠠᠭ᠎ᠠ ᠨᠢ ᠬᠠᠷᠢᠶᠠᠲᠤ ᠣᠷᠣᠨ ᠤ ᠲᠠᠷᠢᠶᠠᠴᠢᠨ ᠡᠷᠦᠬᠡ ᠵᠢᠴᠢ | ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ | ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠪᠥᠬᠦ ᠪᠠᠯᠭᠠᠰᠤᠨ ᠤ ᠮᠠᠯ ᠠᠵᠤ ᠠᠬᠤᠶ ᠶᠢᠨ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠪᠠ᠃ |