ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ︵ᠠᠷᠪᠠᠳᠤᠭᠠᠷ ᠬᠤᠭᠤᠴᠠᠭ᠎ᠠ︶ ᠤᠨ ᠨᠠᠢᠮᠠᠳᠤᠭᠠᠷ ᠲᠣᠭᠠᠲᠤ
ᠨᠡᠶᠢᠲᠡᠯᠡᠭᠰᠡᠨ ᠴᠠᠭ᠄
2022/3/21
  ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠶ ᠠᠯᠪᠠᠨ ᠵᠠᠷ    ︵2022 ᠣᠨ ᠤ 3 ᠰᠠᠷ᠎ᠠ ᠶᠢᠨ 20      ᠤ ᠡᠳᠦᠷ ᠵᠠᠯᠠᠨ ᠠᠶᠢᠯ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠣᠭᠠᠷ ᠣᠳᠠᠭᠠᠨ ᠤ ᠬᠤᠷᠠᠯᠳᠣᠭᠠᠨ ᠢᠶᠠᠷ ᠪᠠᠲᠣᠯᠠᠪᠠ︶     ᠴᠢᠩᠭᠢᠰ ᠬᠠᠭᠠᠨ ᠪᠠᠯᠭᠠᠰᠤᠨ ᠤ ᠰᠣᠩᠭᠤᠭᠠᠯᠢ ᠪᠠᠷ ᠰᠣᠩᠭᠤᠭᠰᠠᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠤᠸᠠᠢ ᠭᠦᠸᠧ ᠳ᠋ᠦᠩ᠂ ᠭᠤᠤ ᠲᠠᠢ ᠽᠢ ᠵᠡᠭᠡᠯᠢ ᠭᠤᠲᠣᠮᠵᠢ ᠶᠢᠨ ᠰᠣᠩᠭᠤᠭᠠᠯᠢ ᠪᠠᠷ ᠰᠣᠩᠭᠤᠭᠰᠠᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠯᠠᠨ ᠺᠦᠨ ᠨᠢᠭᠡᠨᠲᠡ ᠵᠠᠯᠠᠨ ᠠᠶᠢᠯ ᠬᠤᠲᠠ ᠠᠴᠠ ᠰᠢᠯᠵᠢᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠳᠥᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠶᠤᠸᠠᠢ ᠭᠦᠸᠧ ᠳ᠋ᠦᠩ ᠨᠥᠬᠦᠷ᠂ ᠵᠣᠣ ᠯᠠᠨ ᠺᠦᠨ ᠨᠥᠬᠦᠷ ᠤᠨ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠠᠶᠠᠨᠳᠠᠭᠠᠨ ᠳᠠᠭᠤᠰᠤᠨ᠎ᠠ︔ ᠵᠣᠣ ᠯᠠᠨ ᠺᠦᠨ ᠨᠥᠬᠦᠷ ᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠲᠤᠰᠢᠶᠠᠯ  ᠠᠶᠠᠨᠳᠠᠭᠠᠨ ᠳᠠᠭᠤᠰᠣᠨ᠎ᠠ᠃     ᠤᠳᠤ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠳᠠᠲᠠᠶ ᠲᠥᠯᠥᠭᠡᠯᠡᠭᠴᠢ 213 ᠬᠥᠮᠦᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠣᠳᠠᠲᠠᠶ ᠪᠦᠷᠢᠯᠳᠦᠬᠦᠨ 34 ᠬᠥᠮᠦᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号