ᠹᠠᠨ ᠷᠥᠩ ᠵᠡᠭᠡᠯᠢ ᠭᠤᠳᠤᠮᠵᠢ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2022/3/21
   ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 196 ᠳ᠋ᠤᠭᠠᠷ ᠲᠣᠭᠠᠲᠤ ᠵᠠᠷᠯᠠᠯ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠂ ᠹᠠᠨ ᠷᠥᠩ ᠵᠡᠭᠡᠯᠢ ᠭᠤᠳᠤᠮᠵᠢ ᠦᠳᠲᠡᠷ ᠲᠦᠷᠭᠡᠨ ᠳᠠᠭᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃     3 ᠰᠠᠷ᠎ᠠ ᠶᠢᠨ 16      ᠤ ᠡᠳᠦᠷ᠂ ᠵᠡᠭᠡᠯᠢ ᠭᠤᠳᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠬᠠᠷᠢᠶᠠᠲᠤ ᠣᠷᠣᠨ ᠤ ᠪᠠᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ᠂ ᠡᠮ ᠤᠨ ᠳᠡᠯᠭᠡᠭᠦᠷ᠂ ᠢᠳᠡᠭᠡᠨ ᠤᠮᠳᠠᠭᠠᠨ᠂ ᠠᠶᠠᠨᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠪᠠ᠃ ᠠᠵᠢᠯᠲᠠᠨ ᠤ ᠳᠠᠩᠰᠠᠯᠠᠭᠰᠠᠨ᠂ ᠲᠠᠯᠠᠪᠤᠷ ᠭᠠᠵᠠᠷ ᠤᠨ ᠠᠷᠢᠭᠤᠳᠬᠠᠭᠰᠠᠨ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ ᠰᠠᠨᠠᠭᠤᠯᠤᠮᠵᠢ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ  ᠨᠠᠶᠢᠳᠠᠪᠣᠷᠢᠵᠢᠭᠤᠯᠵᠠᠢ᠃    ᠤᠳᠤᠷᠢᠳᠬᠤ ᠳᠤᠭᠤᠶᠢᠯᠠᠩ ᠤᠨ ᠬᠢᠨ ᠰᠤᠭᠤᠴᠢᠨ ᠪᠠᠶᠢᠴᠠᠭᠠᠵᠤ ᠬᠡᠷ ᠲᠤᠨᠢ ᠬᠦᠷᠴᠦ ᠡᠷᠦᠬᠡ ᠳᠤ ᠣᠷᠣᠬᠤ ᠬᠡᠯᠪᠡᠷᠢ ᠪᠠᠷ ᠬᠡᠷ ᠲᠤᠨᠢ ᠲᠤᠰᠠᠭᠠᠷᠯᠠᠵᠤ ᠪᠠᠶᠢᠭ᠎ᠠ ᠬᠥᠮᠦᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠪᠠᠶᠢᠴᠠᠭᠠᠯᠲᠠ ᠬᠢᠵᠡᠢ᠃ ᠡᠭᠦᠨ ᠳᠤ ᠭᠤᠤᠯᠳᠠᠭᠤ ᠬᠡᠷ ᠲᠤᠨᠢ ᠲᠤᠰᠠᠭᠠᠷᠯᠠᠵᠤ ᠪᠠᠶᠢᠭ᠎ᠠ ᠬᠥᠮᠦᠰ ᠤᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠡᠭᠦᠳᠡ ᠶᠢ ᠨᠢ ᠪᠢᠲᠡᠭᠦᠮᠵᠢᠯᠡᠵᠦ ᠡᠷᠦᠬᠡ ᠶᠢ ᠨᠢ ᠪᠢᠲᠡᠭᠦᠮᠵᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠷᠬᠢᠨ ᠦᠵᠡᠭᠰᠡᠨ ᠥᠬᠡᠶ᠂ ᠭᠠᠳᠠᠭᠰᠢ ᠭᠠᠷᠤᠭᠰᠠᠨ ᠥᠬᠡᠶ ᠪᠠᠶᠢᠳᠠᠯ ᠢ ᠪᠠᠶᠢᠴᠠᠭᠠᠨ ᠦᠵᠡᠪᠡ᠃ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠵᠤ᠂ ᠬᠠᠮᠢᠶ᠎ᠠ ᠪᠥᠬᠦᠶ ᠠᠵᠢᠯ ᠤᠨ ᠵᠢᠯᠣᠭᠤᠳᠣᠯᠭ᠎ᠠ ᠶᠣᠰᠣᠭᠠᠷ᠂ ᠬᠡᠷ ᠲᠤᠨᠢ ᠲᠤᠰᠠᠭᠠᠷᠯᠠᠬᠤ ᠡᠳᠦᠷ ᠲᠤᠲᠤᠮ ᠤᠨ ᠰᠡᠷᠭᠡᠶᠢᠯᠡᠨ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠠᠷᠢᠭᠤᠳᠬᠠᠨ ᠰᠢᠢᠳᠪᠦᠷᠢᠯᠡᠭᠰᠡᠨ ᠪᠠᠶᠢᠳᠠᠯ ᠢ  ᠨᠠᠶᠢᠳᠠᠪᠣᠷᠢᠵᠢᠭᠤᠯᠵᠠᠢ᠃   ᠲᠠᠷᠠᠭᠠᠴᠢ ᠶᠢᠨ ᠠᠯᠬᠤᠮ ᠳᠤ᠂  ᠹᠠᠨ ᠷᠥᠩ ᠵᠡᠭᠡᠯᠢ ᠭᠤᠳᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠰᠢᠪᠠᠳᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ︽ᠬᠠᠲᠠᠭᠤ ᠪᠠᠬᠢᠯᠡᠯᠲᠡ︾ ᠶᠢ ᠪᠠᠲᠤ ᠪᠠᠬᠢ ᠪᠠᠶᠢᠭᠤᠯᠵᠤ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠣᠲᠤᠭ᠎ᠠ ᠥᠬᠡᠶ ᠲᠡᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠶ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ