12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ | ᠳᠣᠯᠣᠳᠤᠭᠠᠷ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠴᠢᠩᠭᠢᠰ ᠬᠠᠭᠠᠨ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠲᠠᠢ ᠬᠠᠮᠲᠤ ᠪᠠᠷ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︽ᠬᠤᠲᠠ ᠶᠢᠨ | ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ︾ ︽ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ | ᠠᠵᠢᠯ ᠤᠨ ᠢᠯᠡᠳᠬᠡᠯ︾ ᠵᠢᠴᠢ ᠪᠤᠰᠤᠳ ᠢᠯᠡᠳᠬᠡᠯ ᠢ ᠬᠢᠨᠠᠨ ᠶᠠᠷᠢᠯᠴᠠᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠦ ᠶᠠᠨ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ | ᠡᠷᠬᠢᠯᠡᠭᠴᠢ ᠵᠢᠶᠠᠩ ᠵᠢᠶᠦ᠋ᠨ ᠶᠦᠩ ᠶᠠᠷᠢᠯᠴᠠᠭᠠᠨ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠵᠦᠩ ᠶᠠᠩ ᠪᠧᠢ ᠯᠦ ᠪᠠ ᠯᠢᠦᠢ ᠯᠢᠨ | ᠵᠡᠭᠡᠯᠢ ᠶᠢᠨ ᠠᠷᠠᠯ ᠲᠣᠭᠤᠷᠢᠭᠰᠠᠨ ᠭᠠᠵᠠᠷ ᠲᠤ ᠬᠦᠷᠴᠦ ᠡᠪᠦᠯ ᠤᠨ ᠤᠯᠠᠷᠢᠯ ᠤᠨ ᠬᠤᠲᠠ ᠶᠢᠨ ᠮᠥᠰᠥ ᠴᠠᠰᠤᠨ ᠤ | ᠦᠵᠡᠮᠵᠢ ᠶᠢᠨ ᠲᠥᠷᠥᠯ ᠵᠦᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠦ ᠴᠧᠨ ᠳ᠋ᠦᠩ᠂ | ᠬᠤᠲᠠ ᠶᠢᠨ ᠳᠡᠳ᠋ ᠳᠠᠷᠤᠭ᠎ᠠ ᠮᠧᠩ ᠭᠠᠩ ᠪᠠᠷ᠎ᠠ ᠪᠣᠯᠪᠠ᠃ | | ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ 2022 ᠣᠨ ᠤ ᠠᠩᠬᠠᠳᠤᠭᠠᠷ ᠤᠳᠠᠭ᠎ᠠ ᠶᠢᠨ ᠠᠵᠢᠯ ᠤᠨ ᠬᠤᠷᠠᠯ ᠵᠢᠴᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠢᠷᠠᠭᠤᠯᠭ᠎ᠠ ᠶᠢᠨ | ᠬᠤᠷᠠᠯ ᠢ ᠬᠤᠷᠠᠯᠳᠤᠭᠤᠯᠪᠠ᠃ ᠬᠤᠳᠠ ᠶᠢᠨ ᠤᠳᠤᠷᠢᠳᠤᠯᠭ᠎ᠠ ᠸᠠᠩ ᠪᠥᠸᠧ᠂ ᠵᠠᠩ ᠸᠧᠢ ᠵᠢᠶᠦ᠋ᠨ᠂ ᠦ᠋ ᠴᠧᠨ | ᠳ᠋ᠦᠩ᠂ ᠶᠠᠩ ᠵᠢᠢ ᠴᠦᠨ᠂ ᠯᠢ ᠶᠠᠨ ᠯᠢᠩ᠂ ᠮᠧᠩ ᠭᠠᠩ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ | ᠵᠡᠭᠡᠯᠢ ᠭᠤᠳᠤᠮᠵᠢ ᠪᠣᠯᠤᠨ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | 12 ~ 14 ᠤ ᠡᠳᠦᠷ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠬᠤᠷᠠᠯᠳᠤᠪᠠ᠃ ᠬᠤᠷᠠᠯ ᠢ ᠶᠡᠭᠡ ᠬᠤᠷᠠᠯ ᠤᠨ | ᠭᠦᠢᠴᠡᠳᠭᠡᠬᠦ ᠲᠡᠷᠢᠭᠦᠯᠡᠭᠴᠢ ᠯᠢ ᠱᠦ ᠶᠠᠨ ᠡᠷᠭᠢᠯᠡᠵᠦ᠂ ᠬᠥᠯᠥᠨ ᠪᠤᠶᠢᠷ ᠬᠤᠲᠠ ᠶᠢᠨ ᠳᠥᠷᠪᠡᠳᠦᠭᠡᠷ ᠬᠤᠭᠤᠴᠠᠭ᠎ᠠ | ᠰᠣᠯᠢᠬᠤ ᠶᠢ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠢᠦᠶ ᠢᠦᠶ ᠬᠠᠶ ᠵᠢᠴᠢ ᠬᠥᠯᠥᠨ ᠪᠤᠶᠢᠷ | ᠬᠤᠲᠠ ᠶᠢᠨ ᠳᠥᠷᠪᠡᠳᠦᠭᠡᠷ ᠬᠤᠭᠤᠴᠠᠭ᠎ᠠ ᠰᠣᠯᠢᠬᠤ ᠶᠢ ᠰᠢᠪᠠᠳᠠᠨ ᠵᠢᠯᠣᠭᠤᠳᠬᠤ ᠳᠤᠭᠤᠶᠢᠯᠠᠩ ᠤᠨ ᠭᠡᠰᠢᠭᠦᠳ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠸᠠᠩ ᠪᠥᠸᠧ ᠬᠤᠳᠠ ᠶᠢᠨ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠲᠠ ᠶᠢᠨ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠵᠦᠢᠯᠡᠰ ᠤᠨ ᠲᠤᠬᠠᠶ ᠲᠣᠳᠣᠷᠬᠠᠶᠢᠯᠠᠯᠲᠠ ᠬᠢᠭᠰᠡᠨ ᠨᠢ᠂ ᠵᠠᠯᠠᠨ ᠠᠶᠢᠯ ᠬᠤᠲᠠ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠵᠦᠢᠯᠡᠰ ᠢ ᠠᠩᠬ᠎ᠠ ᠤᠳᠠᠭ᠎ᠠ ︽ᠬᠤᠶᠠᠷ ᠬᠤᠷᠠᠯ︾ ᠳᠤ | ᠣᠷᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠣᠯᠠᠨ ᠤ | ᠬᠢᠨᠠᠯᠲᠠ ᠪᠠ ᠦᠨᠡᠯᠡᠯᠲᠡ ᠶᠢ ᠭᠥᠯᠢᠶᠡᠨ ᠠᠪᠤᠭᠰᠠᠨ ᠶᠠᠪᠤᠳᠠᠯ ᠪᠣᠯᠤᠨ᠎ᠠ᠃ | | ᠶᠡᠭᠡ ᠬᠤᠷᠠᠯ ᠠᠴᠠ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠪᠠᠶᠢᠭᠤᠯᠬᠤ ᠲᠤᠬᠠᠢ ᠲᠣᠭᠲᠠᠭᠠᠯ᠂ | ᠰᠣᠩᠭᠤᠭᠤᠯᠢ ᠶᠢᠨ ᠠᠷᠭ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ | ᠥᠭᠬᠦ ᠠᠷᠭ᠎ᠠ᠂ ᠵᠠᠯᠠᠨ ᠠᠶᠢᠯ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠨᠡᠷᠡᠰ ᠢ ᠪᠠᠲᠤᠯᠠᠪᠠ᠃ ᠶᠡᠭᠡ ᠬᠤᠷᠠᠯ ᠠᠴᠠ ᠰᠦᠨ | ᠰᠢᠤ ᠹᠸᠢ ᠶᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠵᠤ᠂ ᠰᠦᠩ ᠾᠦᠢ᠂ ᠵᠠᠩ ᠴᠤᠸᠠᠨ ᠹᠦ᠋᠂ ᠸᠧᠶ ᠬᠤᠩ | ᠴᠦᠨ᠂ ᠴᠧᠨ ᠾᠦᠢ ᠶᠢ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ᠂ ᠸᠠᠩ ᠪᠥᠸᠧ ᠶᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠠᠷᠤᠭ᠎ᠠ᠂ ᠡᠦ ᠴᠧᠨ ᠳ᠋ᠦᠩ᠂ ᠶᠠᠩ ᠵᠢᠶ ᠴᠦᠨ᠂ ᠯᠢ ᠶᠠᠨ ᠯᠢᠩ᠂ ᠮᠧᠩ ᠭᠠᠩ᠂ ᠯᠦ | ᠶᠠ ᠭᠤᠸᠠᠩ᠂ ᠯᠦ ᠶᠣᠣ᠂ ᠬᠠᠨ ᡁᠢ ᠯᠢ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠯᠢᠦ ᠬᠤᠩ ᡁᠢ ᠶᠢ ᠬᠤᠳᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠤ ᠹᠦ᠋ ᠯᠢᠶᠠᠩ ᠢ ᠬᠤᠳᠠ ᠶᠢᠨ | ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠮᠦᠩᠬᠡᠵᠢᠷᠭᠠᠯ ᠢ ᠬᠤᠳᠠ ᠶᠢᠨ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠪᠣᠯᠭᠠᠵᠤ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠵᠢᠴᠢ ᠬᠥᠯᠥᠨ ᠪᠤᠶᠢᠷ ᠬᠤᠳᠠ ᠶᠢᠨ | ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠠᠤᠯᠢ | ᠶᠣᠰᠣᠭᠠᠷ ᠰᠣᠩᠭᠤᠨ ᠭᠠᠷᠭᠠᠪᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠠᠰᠤᠯᠤᠯᠲᠠ ᠪᠠᠷ | ᠪᠠᠲᠣᠯᠠᠵᠣ᠂ ︽ᠵᠠᠯᠠᠨ ᠠᠶᠢᠯ ᠬᠤᠲᠠ ᠶᠢᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢᠨ ᠰᠢᠢᠳᠪᠦᠷᠢ᠂ ︽ᠵᠠᠯᠠᠨ ᠠᠶᠢᠯ | ᠬᠤᠲᠠ ᠶᠢᠨ 2021 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2022 ᠣᠨ ᠤ ᠲᠥᠰᠦᠪ︾ ᠤᠨ | ᠲᠤᠬᠠᠶ ᠰᠢᠢᠳᠪᠦᠷᠢ᠂ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ ᠲᠤᠬᠠᠶ ᠰᠢᠢᠳᠪᠦᠷᠢ᠂ ︽ᠬᠤᠲᠠ ᠶᠢᠨ ᠠᠷᠠᠳ ᠤᠨ ᠰᠢᠭᠦᠬᠦ | ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ ᠲᠤᠬᠠᠶ ᠰᠢᠢᠳᠪᠦᠷᠢ᠂ ︽ᠬᠤᠲᠠ ᠶᠢᠨ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠤᠨ ᠮᠡᠳᠡᠭᠦᠯᠦᠯᠲᠡ︾ ᠶᠢᠨ ᠲᠤᠬᠠᠶ ᠰᠢᠢᠳᠪᠦᠷᠢ ᠶᠢ ᠪᠠᠲᠣᠯᠠᠪᠠ᠃ ᠶᠡᠭᠡ ᠬᠤᠷᠠᠯ ᠠᠴᠠ | ᠳᠠᠪᠠᠭᠠᠨ ᠵᠡᠭᠦᠨᠳᠡᠬᠢ ᠳᠥᠷᠪᠡᠳᠦᠭᠡᠷ ᠠᠩᠬᠢ ᠶᠢᠨ ᠬᠠᠷᠢᠯᠴᠠᠨ ᠨᠡᠪᠲᠡᠷᠡᠯᠴᠡᠬᠦ ᠲᠦᠷᠦᠯ ᠵᠦᠢᠯ᠂ ᠬᠤᠳᠠ ᠶᠢᠨ | ᠶᠠᠪᠤᠳᠠᠯ ᠤᠨ ᠵᠠᠮ ᠤᠨ ︽ᠠᠷᠠᠳ ᠲᠤ ᠠᠰᠢᠭᠲᠠᠢ ᠰᠤᠷᠭᠠᠨ ᠬᠥᠮᠦᠵᠢᠯ ᠢ ᠴᠢᠬᠤᠯᠠᠴᠢᠯᠠᠬᠤ︾ ᠰᠠᠭᠠᠳ ᠦᠭᠡᠢ | ᠨᠡᠪᠲᠡᠷᠡᠬᠦ ᠢᠨᠵᠧᠨᠧᠷᠢᠩ᠂ ᠬᠤᠳᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠲᠦᠷᠦᠯ ᠵᠦᠢᠯ᠂ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ ᠵᠢᠴᠢ ᠬᠠᠷᠢᠶᠠᠲᠤ ᠢᠨᠵᠧᠨᠧᠷᠢᠩ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ 2022 ᠣᠨ ᠤ ᠢᠨᠵᠧᠨᠧᠷᠢᠩ᠂ ᠶᠢᠩ ᠱᠠᠨ | ᠬᠤᠩ ᠠᠮᠢ ᠠᠬᠤᠢ ᠶᠢᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ᠂ ᠡᠯ ᠳ᠋ᠤᠤ ᠴᠢᠶᠣᠤ | ᠭᠤᠣᠯ ᠤᠨ ᠵᠠᠮ ᠢ ᠵᠠᠰᠠᠬᠤ ᠢᠨᠵᠧᠨᠧᠷᠢᠩ ᠵᠡᠷᠭᠡ 7 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠢ ᠪᠠᠲᠤᠯᠠᠪᠠ᠃ | | 14 ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠠᠴᠠ ᠡᠮᠦᠨ᠎ᠡ ᠲᠥᠪᠯᠡᠷᠡᠭᠦᠯᠦᠨ | ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠶᠤᠸᠠᠢ ᠭᠦᠸᠧ ᠳ᠋ᠦᠩ ᠬᠤᠷᠠᠯ ᠢ ᠡᠷᠬᠢᠯᠡᠵᠦ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ | ᠹᠠᠨ ᠴᠦᠨ ᠵᠢᠩ᠂ ᠳᠡᠳ᠋ ᠳᠤᠭᠤᠶᠢᠯᠠᠩ ᠤᠨ ᠳᠠᠷᠤᠭ᠎ᠠ ᠤᠣ ᠬᠦᠢ ᠶᠢᠩ ᠵᠢᠴᠢ ᠵᠢᠯᠣᠭᠤᠳᠬᠤ ᠳᠤᠭᠤᠶᠢᠯᠠᠩ ᠤᠨ | ᠪᠦᠷᠢᠯᠳᠦᠬᠦᠨ ᠼᠤᠤ ᠵᠢᠩ ᠬᠤᠷᠠᠯ ᠳᠤ ᠣᠷᠣᠯᠴᠠᠨ ᠵᠢᠯᠣᠭᠤᠳᠴᠤ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠪᠦᠷᠢᠯᠳᠦᠬᠦᠨ ᠬᠤᠷᠠᠯ ᠳᠤ ᠣᠷᠣᠯᠴᠠᠪᠠ᠃ | | ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠪᠠᠭ ᠤᠨ ᠪᠦᠷᠢᠯᠳᠦᠬᠦᠨ ᠵᠢᠴᠢ ᠭᠤᠤᠯ ᠪᠣᠯᠬᠤ ᠠᠵᠤ ᠠᠬᠤᠶ ᠶᠢᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠬᠤᠷᠠᠯ ᠠᠴᠠ ᠬᠥᠯᠥᠨ ᠪᠤᠶᠢᠷ ᠬᠤᠳᠠ ᠶᠢᠨ ᠨᠠᠮ ᠤᠨ | ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠵᠢᠴᠢ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠳ ︵ᠥᠷᠭᠡᠳᠬᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ | | ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠭᠰᠠᠨ | ᠠᠮᠢᠳᠤᠷᠠᠯ ᠤᠨ ᠬᠤᠷᠠᠯ ᠢ ᠬᠤᠷᠠᠯᠳᠣᠭᠤᠯᠪᠠ᠃ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ | ᠡᠷᠭᠢᠯᠡᠵᠦ᠂ ᠹᠠᠨ ᠴᠦᠨ ᠵᠢᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠲᠠ ᠶᠢᠨ | ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ | ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠪᠠ᠃ ᠬᠤᠷᠠᠯ ᠠᠴᠠ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ | ᠮᠡᠳᠡᠭᠳᠡᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠬᠢᠵᠦ᠂ ᠪᠤᠰᠤᠳ ᠪᠠᠶᠢᠩᠭᠤ ᠶᠢᠨ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ | ᠪᠠᠶᠢᠴᠠᠭᠠᠬᠤ ᠶᠠᠷᠢᠶ᠎ᠠ ᠲᠠᠯᠪᠢᠭᠰᠠᠨ ᠪᠥᠭᠡᠳ ᠬᠠᠷᠢᠯᠴᠠᠨ ᠰᠢᠭᠦᠮᠵᠢᠯᠡᠯ ᠬᠢᠭᠰᠡᠨ ᠪᠠᠶᠢᠨ᠎ᠠ᠃ ᠬᠥᠯᠥᠨ ᠪᠤᠶᠢᠷ | ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠹᠠᠨ ᠴᠦᠨ ᠵᠢᠩ | ᠨᠥᠬᠦᠷ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠭᠰᠡᠨ ᠪᠥᠭᠡᠳ | ᠵᠢᠯᠣᠭᠤᠳᠬᠤ ᠰᠠᠨᠠᠯ ᠢᠶᠠᠨ ᠳᠤᠷᠠᠳᠴᠠᠢ᠃ | | 15 ᠤ ᠡᠳᠦᠷ ᠵᠠᠯᠠᠨ ᠠᠶᠢᠯ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠠᠩᠬᠠᠳᠤᠭᠠᠷ | ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠢ ᠴᠦᠨ᠂ ᠬᠤᠳᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢ ᠶᠠᠨ ᠯᠢᠩ ᠬᠤᠷᠠᠯ ᠳᠤ ᠣᠷᠣᠯᠴᠠᠪᠠ᠃ ᠬᠤᠷᠠᠯ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠳᠠᠶᠢᠨ ᠤ ᠭᠠᠷ ᠳᠡᠪᠲᠡᠷ︾ ᠤᠨ ᠨᠡᠶᠢᠭᠡᠮ ᠤᠨ ᠬᠠᠮᠢᠶᠠᠷᠤᠨ ᠡᠵᠡᠮᠳᠡᠬᠦ | ᠬᠠᠮᠢᠶ᠎ᠠ ᠪᠦᠬᠦᠢ ᠠᠵᠢᠯ ᠳᠤ ᠲᠤᠷᠰᠢᠯᠭ᠎ᠠ ᠶᠢᠨ ᠲᠠᠶᠢᠯᠤᠮᠵᠢ ᠬᠢᠵᠦ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠵᠠᠷᠯᠠᠨ ᠮᠡᠳᠡᠭᠳᠡᠪᠡ᠃ | | ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ 2022 ᠣᠨ ᠤ ᠬᠤᠶᠠᠳᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠬᠤᠷᠠᠯᠳᠤᠪᠠ᠃ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠪᠡ᠃ ᠬᠤᠷᠠᠯ ᠠᠴᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ | ᠤᠯᠠᠮᠵᠢᠯᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ | ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | | ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 | ᠣᠨ ᠤ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠷᠠᠯ ᠢ ᠡᠷᠬᠢᠯᠡᠵᠦ᠂ ᠬᠤᠷᠠᠯ ᠠᠴᠠ | ᠶᠡᠷᠦᠩᠬᠡᠢ ᠱᠦᠵᠢ ᠰᠢ ᠶᠢᠨ ᠫᠢᠩ ᠮᠤᠵᠢ ᠶᠢᠨ ᠲᠡᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠶᠠᠷᠢᠶ᠎ᠠ ᠵᠢᠴᠢ | ᠤᠢᠢᠷ᠎ᠠ ᠶᠢᠨ ᠬᠤᠭᠤᠴᠠᠭᠠᠨ ᠤ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠯᠪᠣᠭᠳᠠᠯ ᠪᠦᠬᠦᠢ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃ |