︵ᠭᠤᠷᠪᠠᠳᠣᠭᠠᠷ ᠬᠤᠭᠤᠴᠠᠭ᠎ᠠ︶ 2022 ᠣᠨ ᠤ 1 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2022/3/23
    18      ᠤ ᠡᠳᠦᠷ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠨ ᠠᠶᠢᠯ ᠬᠤᠲᠠ ᠶᠢᠨ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠬᠤᠩ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠤᠤ ᠵᠢᠶᠠᠨ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠵᠠᠯᠠᠨ ᠠᠶᠢᠯ ᠬᠤᠲᠠ ᠶᠢᠨ ᠡᠪᠯᠡᠯ ᠤᠨ ᠬᠤᠷᠢᠶ᠎ᠠ ᠶᠢᠨ ᠱᠦᠵᠢ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠨ ᠠᠶᠢᠯ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠠ᠃ ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠨ ᠠᠶᠢᠯ ᠬᠤᠳᠠ ᠶᠢᠨ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠨ ᠠᠶᠢᠯ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠮᠡᠳᠡᠭᠦᠯᠦᠯᠲᠡ ᠶᠢᠨ ᠲᠤᠬᠠᠢ ᠰᠢᠢᠳᠪᠦᠷᠢ︾ ᠶᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠨ ᠠᠶᠢᠯ ᠬᠤᠳᠠ ᠶᠢᠨ ᠳᠣᠯᠣᠳᠤᠭᠠᠷ ᠬᠤᠭᠤᠴᠠᠭᠠᠨ ᠤ  ᠬᠤᠷᠢᠶ᠎ᠠ ᠶᠢ ᠰᠣᠩᠭᠤᠨ ᠭᠠᠷᠭᠠᠪᠠ᠃     21      ᠤ ᠡᠳᠦᠷ ᠵᠠᠯᠠᠨ ᠠᠶᠢᠯ ᠬᠤᠳᠠ ︽ᠨᠠᠮ ᠤᠨ ᠠᠴᠢ ᠶᠢ ᠮᠡᠳᠡᠷᠡᠵᠦ᠂ ᠤᠬ ᠰᠠᠨᠠᠭ᠎ᠠ ᠪᠠᠨ ᠰᠠᠬᠢᠵᠤ᠂ ᠬᠠᠶᠢᠷ᠎ᠠ ᠬᠠᠯᠠᠮᠵᠢ ᠶᠢ ᠬᠦᠷᠭᠡᠬᠦ︾ 2022 ᠣᠨ ᠤ ᠬᠠᠪᠤᠷ ᠤᠨ ᠤᠷᠢᠬᠠᠨ ᠰᠠᠯᠬᠢᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠵᠡᠷᠭᠡ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠡᠬᠢᠯᠡᠯᠲᠡ ᠶᠢᠨ ᠶᠣᠰᠣᠯᠠᠯ ᠢ ᠡᠷᠭᠢᠯᠡᠪᠡ᠃     ᠵᠠᠯᠠᠨ ᠠᠶᠢᠯ ᠬᠤᠲᠠ ᠶᠢᠨ ᠬᠢᠨ ᠬᠤᠲᠠ ᠶᠢᠨ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠵᠤ ᠂ ᠳᠠᠬᠢᠨ ᠨᠠᠶᠢᠳᠠᠪᠤᠷᠢᠵᠢᠭᠤᠯᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠶ ᠵᠢᠯᠣᠭᠤᠳᠣᠭᠴᠢ᠂ ︽ᠨᠢᠭᠡ ᠠᠯᠪᠠᠨ ᠬᠡᠷ ᠨᠠᠶᠢᠮᠠᠨ ᠳᠤᠭᠤᠶᠢᠯᠠᠩ︾ ᠵᠢᠴᠢ ᠪᠦᠷᠢᠯᠳᠦᠬᠦᠨ ᠨᠢᠭᠡᠴᠡ ᠪᠣᠯᠤᠨ ᠬᠡᠰᠡᠭ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      22      ᠤᠨ ᠡᠳᠦᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠪᠦᠯᠬᠦᠮ ᠳᠠᠭᠠᠭᠤᠯᠤᠨ 2022 ᠣᠨ ᠤ ᠤᠷᠢᠬᠠᠨ ᠰᠠᠯᠬᠢᠨ ᠤ ᠠᠵᠢᠯᠯᠠᠭ᠎ᠠ ᠥᠷᠨᠢᠭᠦᠯᠵᠦ᠂ ᠠᠬᠠᠮᠠᠳ ᠺᠠᠳ᠋ᠷ ᠂ ᠴᠠᠭᠳᠠᠭ᠎ᠠ ᠴᠡᠷᠢᠭ ᠠᠩᠬᠢ᠂ ᠬᠥᠳᠡᠯᠮᠦᠷᠢ ᠶᠢᠨ ᠵᠢᠱᠢᠶᠡᠴᠢ᠂ ᠶᠠᠳᠠᠭᠤ ᠬᠦᠴᠢᠷᠳᠡᠯᠲᠡᠢ ᠠᠵᠢᠯᠳᠠᠨ ᠠᠵᠢᠯᠴᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ᠂ ᠶᠠᠳᠠᠭᠤ ᠬᠦᠴᠢᠷᠳᠡᠯᠲᠡᠢ ᠤᠯᠠᠨ ᠲᠦᠮᠡᠨ᠂ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠵᠠᠢ᠃     ᠬᠤᠲᠠ ᠶᠢᠨ ᠤᠳᠤᠷᠢᠳᠤᠯᠭ᠎ᠠ ᠰᠦᠨ ᠰᠢᠤ ᠹᠸᠢ᠂ ᠯᠢᠦ ᠬᠤᠩ ᡁᠢ᠂ ᠯᠢ ᠳ᠋ᠦᠩ ᠹᠠᠩ᠂ ᠯᠢᠦ ᠷᠧᠨ  ᠳ᠋ᠧ ᠨᠠᠰᠤᠨ ᠤ ᠠᠮᠠᠷᠠᠯᠲᠠ ᠪᠠᠨ ᠠᠪᠤᠭᠰᠠᠨ ᠺᠠᠳ᠋ᠷ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠲᠣᠬᠤᠨᠢᠭᠤᠯᠪᠠ᠃     23      ᠤ ᠡᠳᠦᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠫᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠬᠤᠩ ᠴᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ ᠬᠥᠳᠡᠯᠮᠦᠷᠢ ᠶᠢᠨ ᠵᠢᠱᠢᠶᠡᠴᠢ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠲᠤᠰᠢᠶᠠᠯ ᠠᠴᠠ ᠪᠠᠨ ᠰᠠᠯᠤᠭᠰᠠᠨ ᠭᠠᠴᠠᠭᠠᠨ ᠤ ᠺᠠᠳ᠋ᠷ᠂ ᠬᠦᠴᠢᠷᠳᠡᠯ ᠲᠠᠢ ᠵᠡᠮᠳᠡᠭᠴᠦᠳ᠂ ᠬᠦᠴᠢᠷᠳᠡᠯ ᠲᠠᠢ ᠠᠵᠢᠯᠲᠠᠨ ᠠᠵᠢᠯᠴᠢᠨ᠂ ᠬᠦᠴᠢᠷᠳᠡᠯ ᠲᠠᠢ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠢ ᠲᠣᠬᠤᠨᠢᠭᠤᠯᠵᠠᠶ᠃    24      ᠤ ᠡᠳᠦᠷ ᠬᠤᠲᠠ ᠶᠢᠨ ᠤᠳᠤᠷᠢᠳᠤᠯᠭ᠎ᠠ ᠵᠠᠩ ᠸᠧᠶ ᠵᠢᠶᠦ᠋ᠨ᠂ ᠯᠢᠦ ᠭᠦᠸᠧ ᠬᠤᠸᠠ᠂ ᠴᠧᠨ ᠾᠦᠢ᠂ ᠵᠢᠶᠤᠤ ᠵᠢᠶᠠᠨ ᠲᠤᠰᠢᠶᠠᠯ ᠠᠴᠠ ᠪᠠᠨ ᠰᠠᠯᠤᠭᠰᠠᠨ ᠭᠠᠴᠠᠭᠠᠨ ᠤ ᠺᠠᠳ᠋ᠷ᠂ ᠬᠦᠴᠢᠷᠳᠡᠯ ᠲᠠᠢ ᠠᠵᠢᠯᠲᠠᠨ ᠠᠵᠢᠯᠴᠢᠨ᠂ ᠬᠦᠴᠢᠷᠳᠡᠯ ᠲᠠᠢ ᠨᠠᠮ ᠤᠨ ᠭᠡᠰᠢᠭᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠬᠦᠴᠢᠷᠳᠡᠯ ᠲᠠᠢ ᠵᠡᠮᠳᠡᠭᠴᠦᠳ᠂ ᠬᠥᠳᠡᠯᠮᠦᠷᠢ ᠶᠢᠨ ᠵᠢᠱᠢᠶᠡᠴᠢ᠂ ᠠᠬᠠᠮᠠᠳ ᠺᠠᠳ᠋ᠷᠴᠤᠳ ᠢ ᠲᠣᠬᠤᠨᠢᠭᠤᠯᠵᠠᠶ᠃    25      ᠤ ᠡᠳᠦᠷ G5511  ᠵᠢᠨᠢᠩ ᠠᠷᠣᠨ ᠲᠦᠷᠭᠡᠨ ᠳᠠᠪᠬᠢᠬᠤ ᠵᠠᠰᠠᠮᠠᠯ ᠵᠠᠮ ᠤᠨ ᠵᠠᠯᠠᠨ ᠠᠶᠢᠯ ᠠᠴᠠ ᠠᠷᠤᠨ ᠬᠤᠰᠢᠭᠤ ᠬᠥᠷᠬᠦ ᠬᠡᠰᠡᠭ ᠲᠤ ᠨᠡᠮᠡᠵᠦ ᠪᠠᠶᠢᠭᠤᠯᠤᠭᠰᠠᠨ ᠵᠠᠯᠠᠨ  ᠠᠶᠢᠯ ᠬᠤᠲᠠ ᠶᠢᠨ ᠰᠦᠢᠳᠭᠡᠯ ᠬᠤᠷᠢᠶᠠᠬᠤ ᠭᠠᠵᠠᠷ ︵K1326 + 110︶᠂ ᠵᠠᠯᠠᠨ  ᠠᠶᠢᠯ ᠤᠨ ᠪᠠᠷᠠᠭᠤᠨᠳᠠᠬᠢ ᠰᠦᠢᠳᠭᠡᠯ ᠬᠤᠷᠢᠶᠠᠬᠤ ᠭᠠᠵᠠᠷ ︵K1323 + 572︶ ᠢ ᠨᠡᠪᠲᠡᠷᠡᠭᠦᠯᠦᠨ ᠠᠵᠢᠯᠯᠠᠭᠤᠯᠪᠠ᠃     ᠵᠠᠯᠠᠨ ᠠᠶᠢᠯ ᠤᠨ ᠰᠢᠦ ᠱᠦᠢ ᠤᠯᠤᠰ ᠤᠨ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠰᠢᠯᠭᠠᠨ ᠪᠠᠶᠢᠴᠠᠭᠠᠯᠲᠠ ᠶᠢ ᠥᠩᠭᠡᠷᠡᠭᠡᠪᠡ᠃     ᠵᠠᠯᠠᠨ ᠠᠶᠢᠯ ᠬᠤᠳᠠ ᠶᠢᠨ ᠬᠢᠨ 2022 ᠣᠨ ᠤ ᠪᠦᠬᠦ ᠣᠷᠣᠨ ᠤ ᠠᠩᠬᠠᠳᠠᠭᠴᠢ ᠴᠢᠰᠤ ᠦᠢᠯᠡᠳᠬᠦ ᠭᠤᠣᠯ ᠡᠰ ᠤᠨ ᠬᠠᠨᠳᠢᠪᠯᠠᠭᠴᠢ ᠶᠠᠩ ᠾᠦᠢ ᠰᠢᠨ ᠢ ᠤᠭᠲᠤᠬᠤ ᠶᠣᠰᠣᠯᠠᠯ ᠶᠠᠪᠤᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠬᠤᠩ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠤᠤ ᠵᠢᠶᠠᠨ ᠶᠣᠰᠣᠯᠠᠯ ᠳᠤ ᠣᠷᠣᠯᠴᠠᠵᠤ᠂ ᠶᠠᠩ ᠾᠦᠢ ᠰᠢᠨ ᠳᠤ ᠤᠯᠠᠭᠠᠨ ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠲᠡᠮᠳᠡᠭ᠂ ᠢᠷᠠᠭᠤ ᠠᠯᠳᠠᠷ ᠤᠨ ᠦᠨᠡᠮᠯᠡᠯ᠂ ᠲᠣᠬᠤᠨᠢᠭᠤᠯᠬᠤ ᠮᠥᠩᠭᠦ᠂ ︽ᠴᠢᠮᠥᠭᠡ ᠶᠢ ᠨᠢ ᠬᠠᠨᠳᠢᠪᠯᠠᠵᠤ ᠬᠥᠮᠦᠨ ᠢ ᠠᠪᠤᠷᠠᠬᠤ ᠬᠠᠶᠢᠷ᠎ᠠ ᠬᠠᠯᠠᠮᠵᠢ ᠶᠢᠨ ᠡᠯᠴᠢ︾ ᠪᠣᠯᠣᠷ ᠬᠤᠨᠳᠠᠭ᠎ᠠ ᠶᠢ ᠭᠠᠷᠳᠠᠭᠤᠯᠪᠠ᠃     26      ᠤ ᠡᠳᠦᠷ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠬᠠᠨ ᠯᠢ ᠫᠢᠩ ᠨᠡᠷ ᠵᠠᠯᠠᠨ ᠠᠶᠢᠯ ᠬᠤᠲᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠮᠠᠨᠵᠤᠤᠷ ᠲᠤ ᠲᠤᠰᠠᠯᠠᠬᠤ ᠪᠠᠷ ᠢᠷᠡᠭᠰᠡᠨ ᠡᠮᠴᠢ ᠰᠤᠪᠢᠯᠠᠭᠴᠢᠳ ᠢ ᠲᠣᠬᠤᠨᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠱᠢ ᠶᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃     ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠠᠷᠠᠳ ᠤᠨ ᠴᠠᠭᠳᠠᠭ᠎ᠠ ᠶᠢᠨ ᠭᠡᠷ ᠪᠦᠯᠢ ᠪᠣᠯᠤᠨ ᠡᠪᠡᠳᠴᠢᠯᠡᠭᠰᠡᠨ ᠠᠷᠠᠳ ᠤᠨ ᠴᠠᠭᠳᠠᠭ᠎ᠠ ᠶᠢ ᠲᠣᠬᠤᠨᠢᠭᠤᠯᠵᠠᠶ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号