27 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ | ᠪᠥᠸᠧ ᠠᠶᠤᠯᠭᠦᠶ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠪᠠᠶᠢᠴᠠᠭᠠᠪᠠ᠃ ᠬᠤᠲᠠ ᠶᠢᠨ ᠤᠳᠤᠷᠢᠳᠤᠯᠭ᠎ᠠ ᠯᠦ ᠶᠠ ᠭᠤᠸᠠᠩ᠂ ᠬᠠᠨ ᡁᠢ ᠯᠢ᠂ ᠹᠠᠩ ᠫᠢᠩ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ | ᠬᠤᠶᠠᠳᠤᠭᠠᠷ ᠬᠤᠷᠠᠯ ᠬᠤᠷᠠᠯᠳᠤᠪᠠ᠃ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ ᠬᠤᠷᠠᠯ ᠢ ᠡᠷᠬᠢᠯᠡᠵᠦ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ | ᠣᠷᠣᠯᠴᠠᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ᠂ ᠬᠤᠳᠠ ᠶᠢᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠬᠤᠷᠠᠯ ᠬᠤᠷᠠᠯᠳᠣᠭᠤᠯᠪᠠ᠃ ᠬᠤᠲᠠ ᠶᠢᠨ | ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠪᠥᠸᠧ | ᠬᠤᠷᠠᠯ ᠢ ᠡᠷᠬᠢᠯᠡᠵᠦ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ | ᠬᠤᠷᠠᠯ ᠳᠤ ᠰᠤᠯᠠ ᠣᠷᠣᠯᠴᠠᠪᠠ᠃ | | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠦ᠋ ᠴᠧᠨ ᠳ᠋ᠦᠩ ᠬᠥᠳᠡᠯᠮᠦᠷᠢ ᠶᠢᠨ ᠵᠢᠱᠢᠶᠡᠴᠢ᠂ ᠶᠠᠳᠠᠭᠤ | ᠬᠦᠴᠢᠷᠳᠡᠯᠲᠡᠢ ᠵᠡᠮᠳᠡᠭᠴᠦᠳ᠂ ᠶᠠᠳᠠᠭᠤ ᠬᠦᠴᠢᠷᠳᠡᠯᠲᠡᠢ ᠠᠵᠢᠯᠳᠠᠨ ᠠᠵᠢᠯᠴᠢᠨ᠂ ᠶᠠᠳᠠᠭᠤ ᠬᠦᠴᠢᠷᠳᠡᠯᠲᠡᠢ ᠨᠠᠮ ᠤᠨ | ᠭᠡᠰᠢᠭᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠨ ᠪᠣᠯᠤᠨ ᠴᠡᠷᠢᠭ ᠴᠠᠭᠳᠠᠭ᠎ᠠ ᠴᠡᠷᠢᠭ ᠠᠩᠬᠢ ᠶᠢ ᠡᠷᠬᠢᠨ | ᠦᠵᠡᠵᠦ ᠲᠣᠬᠤᠨᠢᠭᠤᠯᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠶ ᠴᠦᠨ ᠰᠢᠶᠠᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠤᠣ ᠲᠠᠢ ᠽᠢ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ᠬᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠤᠬᠡᠳ ᠢ ᠲᠣᠬᠤᠨᠢᠭᠤᠯᠪᠠ᠃ | | ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ | ᠪᠣᠯᠤᠨ ᠵᠠᠯᠠᠨ ᠠᠶᠢᠯ ᠬᠤᠲᠠ ᠶᠢᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠠᠷᠢᠯᠴᠠᠬᠤ ᠬᠤᠷᠠᠯ ᠳ᠋ᠠ ᠾᠧ | ᠸᠠᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠢᠵᠠᠭᠠᠷᠲᠤ ᠺᠣᠮᠫᠠᠨᠢ ᠳᠤ ᠬᠤᠷᠠᠯᠳᠤᠪᠠ᠃ ᠬᠥᠯᠥᠨ ᠪᠤᠶᠢᠷ ᠤᠨ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ | ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠩ ᠯᠢ ᠵᠢᠶᠦ᠋ᠨ᠂ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠲᠤᠰᠬᠠᠢ ᠲᠤᠰᠢᠶᠠᠯᠲᠠᠨ ᠸᠠᠩ ᠱᠦ ᠶᠢᠩ᠂ ᠵᠠᠯᠠᠨ ᠠᠶᠢᠯ ᠬᠤᠳᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠸᠧᠢ ᠵᠢᠶᠦ᠋ᠨ᠂ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠢ ᠴᠦᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠠᠩ᠂ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ | ᠭᠠᠩ ᠵᠢᠴᠢ ᠵᠠᠯᠠᠨ ᠠᠶᠢᠯ᠂ ᠴᠧᠯ ᠭᠤᠣᠯ᠂ ᠳ᠋ᠠ ᠾᠧ ᠸᠠᠨ ᠵᠡᠷᠭᠡ 3 ᠲᠠᠷᠢᠶᠠᠯᠠᠩ ᠮᠠᠯᠵᠢᠯ ᠤᠨ ᠲᠠᠯᠠᠪᠠᠢ ᠶᠢᠨ | ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | 28 ᠤ ᠡᠳᠦᠷ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠤᠯᠤᠰ ᠤᠨ ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠤᠣ ᠺᠤᠸᠠᠩ ᠱᠧᠩ ᠢᠶᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠲᠠ ᠶᠢᠨ ᠰᠢᠪᠠᠳᠠᠨ ᠪᠠᠶᠢᠴᠠᠭᠠᠬᠤ ᠳᠤᠭᠤᠶᠢᠯᠠᠩ ᠵᠠᠯᠠᠨ | ᠠᠶᠢᠯ ᠬᠤᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠪᠠᠳᠠᠨ ᠵᠢᠯᠣᠭᠤᠳᠴᠤ | ᠪᠠᠶᠢᠴᠠᠭᠠᠭᠰᠠᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠵᠠᠯᠠᠨ ᠠᠶᠢᠯ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠬᠠᠨ ᡁᠢ ᠯᠢ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ︽ᠨᠢᠭᠡ ᠠᠯᠪᠠᠨ ᠬᠡᠷ ᠨᠠᠶᠢᠠᠮᠨ ᠳᠤᠭᠤᠶᠢᠯᠠᠩ︾ ᠤᠨ ᠲᠦᠷᠦᠭᠦᠯᠡᠬᠦ ᠨᠢᠭᠡᠴᠡ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠦ᠋ ᠴᠧᠨ ᠳ᠋ᠦᠩ ᠬᠦᠴᠢᠷᠳᠡᠯᠲᠡᠶ ᠨᠠᠮ ᠤᠨ ᠭᠡᠰᠢᠭᠦᠨ᠂ ᠬᠦᠴᠢᠷᠳᠡᠯᠲᠡᠶ | ᠬᠤᠳᠠᠯᠳᠤᠭᠠᠴᠢᠨ ᠡᠷᠦᠬᠡ᠂ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠢ | ᠪᠣᠯᠭᠤᠭᠠᠨ ᠲᠣᠬᠤᠨᠢᠭᠤᠯᠪᠠ᠃ | | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᡁᠢ ᠯᠢ ᠡᠷᠡᠭᠦᠯ ᠬᠠᠮᠠᠭᠠᠯᠠᠯ ᠤᠨ ᠰᠢᠰᠲ᠋ᠧᠮ ᠤᠨ | ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷ᠂ ᠬᠦᠴᠢᠷᠳᠡᠯ ᠲᠠᠢ ᠠᠵᠢᠯᠲᠠᠨ ᠠᠵᠢᠯᠴᠢᠨ ᠢ ᠪᠣᠯᠭᠤᠭᠠᠨ | ᠲᠣᠬᠤᠨᠢᠭᠤᠯᠪᠠ᠃ | | 29 ᠤ ᠡᠳᠦᠷ ᠵᠠᠯᠠᠨ ᠠᠶᠢᠯ ᠬᠤᠳᠠ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠦᠷ᠎ᠡ ᠪᠦᠲᠦᠮᠵᠢ ᠶᠢ ᠳ᠋ᠦᠩᠨᠡᠵᠡᠢ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ | ᠡᠦ ᠴᠧᠨ ᠳ᠋ᠦᠩ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ᠂ ᠬᠤᠲᠠ ᠶᠢᠨ ᠳᠦᠷᠰᠦ ᠪᠠᠶᠢᠳᠠᠯ ᠵᠡᠷᠭᠡ ᠶᠢ ᠪᠠᠶᠢᠴᠠᠭᠠᠬᠤ ᠠᠵᠢᠯ ᠢ ᠥᠷᠨᠢᠭᠦᠯᠪᠡ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠶ ᠴᠦᠨ ᠠᠵᠢᠯ ᠤᠯᠬᠤ ᠳᠤ ᠬᠦᠴᠢᠷᠲᠡᠶ ᠬᠡᠷ ᠪᠦᠯᠢ᠂ ᠠᠨᠠᠭᠠᠬᠤ ᠤᠬᠠᠭᠠᠨ ᠤ ᠲᠤᠰᠬᠠᠶ | ᠮᠡᠷᠭᠡᠵᠢᠯᠲᠡᠨ᠂ ᠬᠦᠴᠢᠷᠳᠡᠯᠲᠡᠶ ᠪᠠᠭᠰᠢ ᠨᠠᠷ ᠢ ᠪᠣᠯᠭᠤᠭᠠᠨ ᠲᠣᠬᠤᠨᠢᠭᠤᠯᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠶ ᠴᠦᠨ ᠮᠥᠬᠦᠴᠢ ᠪᠠᠯᠭᠠᠰᠣᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠴᠢᠩᠭᠢᠰ ᠬᠠᠭᠠᠨ ᠤ | ᠨᠠᠰᠤᠲᠠᠨ ᠢ ᠠᠰᠠᠷᠠᠬᠤ ᠬᠦᠷᠢᠶᠡᠯᠡᠩ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠨᠡᠶᠢᠭᠡᠮ ᠤᠨ | ᠠᠰᠠᠷᠠᠮᠵᠢ ᠶᠢᠨ ᠲᠥᠪ ᠲᠤ ᠬᠦᠷᠴᠦ ᠠᠶᠤᠯᠭᠦᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠪᠠᠶᠢᠴᠠᠭᠠᠪᠠ᠃ | | ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ᠂ ᠬᠤᠳᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢ ᠶᠠᠨ ᠯᠢᠩ ᠬᠤᠷᠢᠭᠤᠯ ᠤᠨ ᠭᠠᠵᠠᠷ ᠲᠤ ᠬᠦᠷᠴᠦ ᠪᠠᠶᠠᠷ ᠤᠨ | ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠦᠷᠦᠯ ᠤᠨ ᠬᠢᠨᠠᠨ ᠵᠢᠯᠤᠭᠤᠳᠤᠯᠭ᠎ᠠ | ᠪᠠᠶᠢᠴᠠᠭᠠᠯᠲᠠ ᠬᠢᠵᠡᠢ᠃ | | ᠵᠠᠯᠠᠨ ᠠᠶᠢᠯ ᠬᠤᠳᠠ ᠶᠢᠨ 117 ᠡᠮᠴᠢᠯᠡᠭᠡᠨ ᠤ ᠠᠩᠬᠢ ᠶᠢᠨ ᠭᠡᠰᠢᠭᠦᠨ ᠮᠠᠨᠵᠤᠤᠷ ᠢ ᠲᠤᠰᠠᠯᠠᠬᠤ ᠡᠭᠦᠷᠭᠡ ᠪᠠᠨ | ᠪᠡᠶᠡᠯᠡᠭᠦᠯᠵᠦ᠂ ᠠᠮᠤᠷ ᠲᠦᠪᠰᠢᠨ ᠢᠶᠠᠷ ᠪᠤᠴᠠᠵᠤ ᠢᠷᠡᠪᠡ᠃ | | 31 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ | ᠪᠥᠸᠧ ᠴᠠᠭᠠᠨ ᠰᠠᠷ᠎ᠠ ᠶᠢᠨ ᠬᠤᠭᠤᠴᠠᠭᠠᠨ ᠳᠤ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷ ᠠᠵᠢᠯᠲᠠᠳ ᠢ | ᠪᠣᠯᠭᠤᠭᠠᠨ ᠲᠣᠬᠤᠨᠢᠭᠤᠯᠪᠠ᠃ | | |