ᠬᠤᠲᠠ ᠶᠢᠨ ᠳᠡᠳ᠋ ᠳᠠᠷᠤᠭ᠎ᠠ ᠬᠠᠨ ᡁᠢ ᠯᠢ
ᠨᠡᠶᠢᠲᠡᠯᠡᠭᠰᠡᠨ ᠴᠠᠭ᠄
2022/3/8
       ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ          ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠠᠳᠣ ᠭᠤᠣᠯ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠬᠠᠳᠣ ᠭᠤᠣᠯ ᠪᠠᠯᠭᠠᠰᠤ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ︶ ᠤᠨ ᠡᠷᠬᠢᠯᠡᠭᠴᠢ ︵ᠥᠷᠲᠡᠭᠡᠨ ᠳᠠᠷᠤᠭ᠎ᠠ᠂ ᠭᠠᠵᠠᠷ ᠤᠨ ᠳᠠᠷᠤᠭ᠎ᠠ︶ ᠬᠠᠨ ᡁᠢ ᠯᠢ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 11 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃     ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ᠄ ᠸᠠᠩ ᠪᠥᠸᠧ ᠬᠤᠲᠠ ᠶᠢᠨ ᠳᠠᠷᠤᠭ᠎ᠠ ᠶᠢ ᠬᠠᠮᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ︶᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ᠂ ᠰᠢᠤᠳᠠᠨ ᠤ ᠦᠢᠯᠡᠰ ᠤᠨ ᠬᠥᠭᠵᠢᠯᠲᠡ ᠶᠢᠨ ᠲᠥᠪ ︵ᠰᠢᠤᠳᠠᠨ ᠤ  ᠦᠢᠯᠡᠰ ᠤᠨ ᠠᠮᠤᠷ ᠲᠦᠪᠰᠢᠨ ᠤ ᠲᠥᠪ︶ ᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠬᠠᠷᠢᠯᠴᠠᠬᠤ᠄ ᠬᠥᠯᠥᠨ ᠪᠤᠶᠢᠷ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ᠂ ᠵᠠᠯᠠᠨ ᠠᠶᠢᠯ ᠤᠨ ᠭᠠᠯᠲᠤ ᠲᠡᠷᠭᠡᠨ ᠤ ᠥᠷᠲᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠶᠢᠨ ᠭᠤᠷᠪᠠᠳᠤᠭᠠᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠭᠠᠵᠠᠷ᠂ ᠵᠠᠮ ᠤᠨ  ᠰᠦᠢᠳᠭᠡᠯ ᠬᠤᠷᠢᠶᠠᠬᠤ ᠥᠷᠲᠡᠭᠡ ︵ᠭᠠᠵᠠᠷ︶᠃
ᠢᠷᠡᠯᠲᠡ᠄ ᠵᠠᠯᠠᠨ ᠠᠶᠢᠯ ᠬᠤᠳᠠ ᠶᠢᠨ ᠵᠠᠰᠠᠭ ᠤᠨ ᠣᠷᠳᠤᠨ