ᠤᠷᠢᠬᠠᠨ ᠬᠠᠪᠤᠷ ᠤᠨ ᠭᠤᠷᠪᠠᠨ ᠰᠠᠷ᠎ᠠ ᠳᠤ᠂ ᠲᠦᠮᠡᠨ ᠪᠣᠳᠠᠰ ᠠᠮᠢᠯᠠᠨ᠎ᠠ᠃ ᠡᠨᠡᠬᠦ ᠰᠠᠶᠢᠨ ᠰᠠᠶᠢᠬᠠᠨ ᠴᠠᠭ | ᠮᠥᠴᠡ ᠳᠤ᠂ ᠵᠠᠯᠠᠨ ᠠᠶᠢᠯ ᠬᠤᠳᠠ ᠶᠢᠨ ᠲᠦᠷᠦᠯ ᠵᠦᠢᠯ ᠢ ᠣᠷᠣᠭᠤᠯᠤᠨ ᠠᠪᠴᠢᠷᠠᠬᠤ ᠲᠥᠪ ᠠᠴᠠ ᠵᠠᠯᠠᠨ ᠠᠶᠢᠯ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠷᠳᠤ ᠬᠤᠭᠤᠴᠠᠭ᠎ᠠ ᠪᠠᠷ ᠠᠩᠬᠠᠷᠴᠤ ᠬᠠᠯᠠᠮᠵᠢᠯᠠᠨ | ᠳᠡᠮᠵᠢᠭᠰᠡᠭᠡᠷ ᠢᠷᠡᠭᠰᠡᠨ ᠪᠦᠬᠦ ᠬᠤᠳᠠ ᠶᠢᠨ ᠠᠷᠠᠳ ᠲᠦᠮᠡᠨ ᠳᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠨᠢ ᠪᠥᠬᠦ ᠬᠤᠲᠠ ᠶᠢᠨ ᠬᠥᠭᠵᠢᠯᠲᠡ ᠶᠢᠨ | ᠢᠷᠡᠭᠡᠳᠦᠶ ᠲᠠᠢ ᠬᠤᠯᠪᠣᠭᠳᠠᠵᠤ᠂ ᠪᠥᠬᠦ ᠬᠤᠲᠠ ᠶᠢᠨ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ | ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠠᠵᠤ ᠠᠬᠤᠢ ᠶᠢᠨ | ᠬᠥᠭᠵᠢᠯᠲᠡ ᠶᠢᠨ ᠠᠤᠭ᠎ᠠ ᠵᠢᠷᠤᠭ ᠲᠥᠰᠦᠪ ᠨᠢ ᠪᠦᠬᠦ ᠬᠤᠳᠠ ᠶᠢᠨ ᠠᠷᠠᠳ ᠲᠦᠮᠡᠨ ᠣᠷᠭᠢᠯᠤᠮ᠎ᠠ ᠬᠠᠯᠠᠭᠤᠨ | ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ | ᠠᠵᠢᠯᠯᠠᠭ᠎ᠠ ᠳᠤ ᠣᠷᠣᠯᠴᠠᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠬᠦ ᠶᠢ ᠱᠠᠭᠠᠷᠳᠠᠨ᠎ᠠ᠂ ᠠᠳᠡ ᠪᠦᠬᠦ ᠬᠤᠳᠠ ᠶᠢᠨ ᠠᠷᠠᠳ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠶᠢ | ᠳᠤᠷᠠᠳᠤᠶ᠎ᠠ᠄ | | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠣᠷᠣᠯᠠᠨ ᠥᠭᠦᠯᠡᠭᠴᠢ ᠪᠣᠯᠬᠤ ᠳᠠᠭᠠᠨ ᠴᠢᠳᠠᠮᠠᠭᠠᠶ ᠪᠠᠶᠢᠬᠤ | ᠬᠡᠷᠡᠭᠲᠡᠶ᠃ ᠵᠠᠯᠠᠨ ᠠᠶᠢᠯ ᠬᠤᠲᠠ ᠶᠢᠨ ᠲᠡᠤᠬᠡ ᠰᠣᠶᠣᠯ ᠭᠦᠨ ᠵᠤᠵᠠᠭᠠᠨ᠂ ᠠᠮᠢ ᠠᠬᠤᠶ ᠶᠢᠨ ᠡᠬᠢ ᠪᠠᠶᠠᠯᠢᠭ ᠡᠯᠪᠡᠭ | ᠳᠡᠯᠪᠡᠭ᠂ ᠪᠠᠶᠢᠭᠠᠯᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ᠂ ᠠᠵᠤ ᠦᠢᠯᠡᠰ ᠤᠨ ᠰᠠᠭᠤᠷᠢ ᠵᠤᠵᠠᠭᠠᠨ᠂ | ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ ᠪᠠᠶᠢᠳᠠᠭ᠃ ︽ᠤᠮᠠᠷᠠᠲᠤ ᠣᠷᠣᠨ ᠤ ᠵᠢᠶᠠᠩᠨᠠᠨ ᠣᠷᠣᠨ᠂ | ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠭᠡᠰᠡᠨ ᠰᠠᠶᠢᠬᠠᠨ ᠠᠯᠳᠠᠷᠲᠠᠶ ᠶᠤᠮ᠃ ᠡᠶᠢᠮᠦ ᠰᠣᠶᠣᠯ ᠤᠨ | ᠨᠡᠷ᠎ᠡ ᠶᠢᠨ ᠬᠠᠭᠤᠳᠠᠰᠤ ᠶᠢ ᠬᠤᠭᠤᠰᠣᠨ ᠦᠭᠡ ᠪᠠᠷ ᠬᠡᠯᠡᠵᠦ ᠭᠠᠷᠭᠠᠭᠰᠠᠨ ᠪᠢᠰᠢ᠂ ᠬᠠᠷᠢᠨ ᠵᠠᠯᠠᠨ ᠠᠶᠢᠯ ᠤᠨ | ᠬᠥᠮᠦᠨ ᠨᠢᠭᠡᠪᠦᠷᠢ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠯᠠᠪᠳᠠᠭᠤᠨ ᠲᠣᠭᠲᠠᠭᠤᠨ ᠢᠶᠠᠷ ᠬᠢᠵᠦ ᠭᠠᠷᠭᠠᠭᠰᠠᠨ | ᠶᠤᠮ︕ ᠪᠦᠬᠦ ᠬᠤᠲᠠ ᠶᠢᠨ ᠠᠷᠠᠳ ᠲᠦᠮᠡᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠵᠠᠯᠠᠨ ᠠᠶᠢᠯ ᠢ ᠤᠬᠠᠭᠤᠯᠵᠤ᠂ ᠠᠮᠢᠳᠤᠷᠠᠯ ᠪᠠ ᠠᠵᠢᠯ ᠤᠨ | ᠳᠤᠮᠳᠠ ᠪᠠᠨ ᠵᠠᠪᠰᠢᠶᠠᠨ ᠢ ᠠᠮᠵᠢᠨ ᠵᠠᠯᠠᠨ ᠠᠶᠢᠯ ᠢ ᠲᠠᠨᠢᠯᠴᠠᠭᠤᠯᠬᠤ ᠳᠠᠭᠠᠨ ᠴᠢᠳᠠᠮᠠᠭᠠᠶ ᠪᠠᠶᠢᠵᠤ᠂ ᠮᠠᠨ ᠤ | ᠬᠤᠳᠠ ᠶᠢᠨ ᠡᠬᠢ ᠪᠠᠶᠠᠯᠢᠭ᠂ ᠠᠵᠤ ᠦᠢᠯᠡᠰ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠶᠢᠨ | ᠳᠠᠪᠠᠭᠤᠯᠢᠭ ᠢ ᠶᠠᠷᠢᠬᠤ ᠳᠤ᠂ ᠴᠢᠩᠭ᠎ᠠ ᠡᠭᠦᠷᠭᠡᠯᠡᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠠᠵᠢᠯᠯᠠᠭ᠎ᠠ ᠳᠤ ᠣᠷᠣᠯᠴᠠᠬᠤ ᠪᠠᠷ ᠪᠠᠷᠠᠬᠤ ᠦᠭᠡᠢ ᠪᠠᠰᠠ ᠵᠠᠯᠠᠨ ᠠᠶᠢᠯ ᠤᠨ ᠠᠷᠠᠳ | ᠲᠦᠮᠡᠨ ᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠪᠦᠬᠦ ᠬᠤᠳᠠ ᠶᠢᠨ | ᠬᠡᠪᠴᠢᠶᠡᠨ ᠳᠤ ᠬᠥᠮᠦᠨ ᠪᠦᠬᠦᠨ ᠠᠷᠠᠯᠵᠢᠶᠠᠴᠢᠨ ᠤᠷᠢᠬᠤ ᠶᠢ ᠬᠠᠯᠠᠮᠵᠢᠯᠠᠬᠤ᠂ ᠬᠥᠮᠦᠨ ᠪᠦᠬᠦᠨ ᠠᠷᠠᠯᠵᠢᠶᠠᠴᠢᠨ | ᠤᠷᠢᠬᠤ ᠶᠢ ᠳᠡᠮᠵᠢᠬᠦ᠂ ᠬᠥᠮᠦᠨ ᠪᠦᠬᠦᠨ ᠠᠷᠠᠯᠵᠢᠶᠠᠴᠢᠨ ᠤᠷᠢᠬᠤ ᠳᠤ ᠣᠷᠣᠯᠴᠠᠬᠤ ᠰᠠᠶᠢᠨ ᠰᠠᠶᠢᠬᠠᠨ ᠪᠠᠶᠢᠳᠠᠯ ᠢ | ᠪᠤᠢ ᠪᠣᠯᠭᠠᠬᠤ ᠬᠡᠷᠡᠭᠲᠡᠢ᠃ | | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠭᠤᠣᠯ ᠬᠦᠴᠦᠨ ᠪᠣᠯᠬᠤ ᠪᠠᠷ ᠴᠢᠷᠮᠠᠶᠢᠨ᠎ᠠ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠨᠢ ᠪᠢᠳᠡᠨ ᠳᠤ ᠭᠠᠳᠠᠨ᠎ᠠ ᠠᠴᠠ ᠢᠷᠡᠭᠰᠡᠨ ᠠᠷᠠᠯᠵᠢᠶᠠᠴᠢᠨ ᠢ ᠠᠪᠴᠢᠷᠠᠵᠤ | ᠥᠭᠭᠦᠭᠰᠡᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠠᠵᠤ ᠦᠢᠯᠡᠰ ᠤᠨ ᠳᠡᠰ ᠳᠡᠪᠰᠢᠬᠦ ᠪᠠ ᠠᠵᠢᠯ ᠤᠯᠬᠤ | ᠬᠡᠷᠡᠭᠴᠡᠭᠡ ᠶᠢ ᠠᠪᠴᠢᠷᠠᠵᠤ ᠥᠭᠭᠦᠭᠰᠡᠨ ᠪᠠᠶᠢᠨ᠎ᠠ᠃ ᠬᠤᠳᠠᠯᠳᠤᠭᠠᠴᠢᠨ ᠤᠷᠢᠬᠤ ᠲᠥᠷᠥᠯ ᠵᠦᠢᠯ ᠨᠢᠭᠡᠪᠦᠷᠢ ᠨᠢ | ᠴᠥᠮ ᠮᠠᠨ ᠤ ᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ᠂ ᠠᠵᠤ ᠦᠢᠯᠡᠰ ᠤᠨ ᠬᠡᠯᠬᠢᠶ᠎ᠡ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠬᠤ ᠶᠢᠨ ᠬᠠᠮᠲᠤ ᠴᠢᠨᠠᠷ ᠰᠠᠶᠢᠲᠠᠶ ᠴᠢᠳᠠᠪᠤᠷᠢᠲᠠᠨ ᠤ | ᠠᠵᠢᠯ ᠣᠯᠬᠤ ᠱᠠᠭᠠᠷᠳᠠᠯᠭ᠎ᠠ ᠶᠢ ᠴᠤ ᠠᠪᠴᠢᠷᠠᠬᠤ ᠪᠣᠯᠤᠨ᠎ᠠ᠃ ᠪᠥᠬᠦ ᠬᠤᠲᠠ ᠶᠢᠨ ᠠᠷᠠᠳ ᠲᠦᠮᠡᠨ ᠴᠥᠮ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠷᠡᠰ | ᠪᠠᠲᠤ ᠳᠡᠮᠵᠢᠭᠴᠢ᠂ ᠬᠦᠴᠦᠲᠡᠶ ᠠᠬᠢᠭᠤᠯᠤᠭᠴᠢ᠂ ᠢᠳᠡᠪᠬᠢᠲᠡᠶ ᠣᠷᠣᠯᠴᠠᠭᠴᠢ ᠪᠣᠯᠬᠤ ᠪᠠᠷ ᠴᠢᠷᠮᠠᠶᠢᠵᠤ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠤᠤᠯ ᠲᠡᠶᠢᠨ ᠤ ᠲᠠᠯᠠᠪᠤᠷ ᠲᠤ ᠢᠳᠡᠪᠬᠢᠲᠡᠶ ᠪᠠᠷ ᠣᠷᠣᠯᠴᠠᠬᠤ ᠶᠢ | ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ᠂ ᠪᠢᠳᠡ ᠨᠤᠲᠤᠭ ᠤᠨ ᠠᠶᠠᠯᠭᠤ᠂ ᠨᠤᠲᠤᠭ ᠤᠨ ᠪᠠᠶᠢᠳᠠᠯ᠂ ᠨᠤᠲᠤᠭ | ᠤᠰᠤ ᠪᠠᠷ ᠬᠤᠯᠪᠣᠭᠠᠰᠤ ᠪᠣᠯᠭᠠᠵᠤ᠂ ᠵᠠᠯᠠᠨ ᠠᠶᠢᠯ ᠨᠤᠲᠤᠭ ᠲᠠᠢ ᠭᠠᠳᠠᠭᠠᠳᠤ ᠳᠤ ᠪᠠᠶᠢᠭ᠎ᠠ ᠬᠥᠮᠦᠰ ᠢ | ᠢᠳᠡᠪᠬᠢᠲᠡᠶ ᠪᠠᠷ ᠳᠠᠶᠢᠴᠢᠯᠠᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠨ ᠬᠥᠭᠵᠢᠭᠦᠯᠵᠦ᠂ ᠲᠡᠳᠡᠨ ᠤ | ᠬᠥᠮᠦᠨ ᠤ ᠬᠤᠭᠤᠷᠣᠨᠳᠣᠬᠢ ᠬᠠᠷᠢᠴᠠᠭ᠎ᠠ ᠶᠢ ᠪᠠᠳᠠᠷᠠᠭᠤᠯᠤᠨ᠂ ᠬᠤᠳᠠᠯᠳᠤᠭᠠᠴᠢᠨ ᠤᠷᠢᠬᠤ ᠠᠵᠢᠯ ᠳᠤ ᠵᠡᠭᠦᠤ ᠰᠢᠵᠢᠮ | ᠣᠷᠣᠭᠤᠯᠵᠤ᠂ ᠵᠠᠯᠠᠨ ᠠᠶᠢᠯ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠬᠦ ᠬᠡᠷᠡᠭᠲᠡᠶ᠃ | | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠴᠢ ᠪᠣᠯᠬᠤ ᠳᠤᠷᠠᠲᠠᠶ᠃ ᠬᠥᠮᠦᠨ ᠪᠦᠬᠦᠨ ᠴᠥᠮ | ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠮᠥᠨ᠂ ᠶᠠᠪᠤᠳᠠᠯ ᠪᠦᠬᠦᠨ ᠴᠥᠮ ᠠᠵᠤ ᠠᠬᠤᠶ ᠶᠢᠨ | ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠪᠦᠬᠦ ᠬᠤᠲᠠ ᠶᠢᠨ ᠠᠷᠠᠳ ᠲᠦᠮᠡᠨ ᠡᠵᠡᠨ ᠬᠥᠮᠦᠨ ᠤ | ᠤᠬᠠᠮᠰᠠᠷ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠵᠠᠯᠠᠨ ᠠᠶᠢᠯ ᠤᠨ ᠬᠥᠮᠦᠰ ᠤᠨ | ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠵᠢᠵᠢᠭ ᠰᠠᠵᠢᠭ ᠵᠦᠢᠯ ᠠᠴᠠ ᠭᠠᠷᠳᠠᠨ ᠬᠢᠵᠦ᠂ ᠵᠢᠵᠢᠭ ᠰᠠᠵᠢᠭ | ᠶᠠᠪᠤᠳᠠᠯ ᠠᠴᠠ ᠡᠬᠢᠯᠡᠨ ᠬᠢᠵᠦ᠂ ᠨᠡᠭᠡᠭᠡᠯᠲᠡᠲᠡᠢ ᠬᠡᠬᠦᠳᠡᠭ ᠴᠡᠭᠡᠵᠢ᠂ ᠪᠣᠳᠠᠲᠠᠢ ᠠᠵᠢᠯᠯᠠᠬᠤ ᠰᠤᠷᠲᠠᠯ᠂ ᠢᠳᠡᠪᠬᠢᠲᠡᠢ | ᠦᠢᠯᠡᠴᠢᠯᠡᠭᠡ ᠪᠠᠷ ᠨᠡᠩ ᠤᠯᠠᠨ ᠠᠷᠠᠯᠵᠢᠶᠠᠴᠢᠨ ᠵᠠᠯᠠᠨ ᠠᠶᠢᠯ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠵᠤ᠂ | ᠠᠷᠠᠯᠵᠢᠶᠠᠴᠢᠨ ᠨᠢᠭᠡᠪᠦᠷᠢ ᠳᠤ ︽ᠤᠮᠠᠷᠠᠲᠤ ᠶᠢᠨ ᠵᠢᠶᠠᠩᠨᠠᠨ ᠣᠷᠣᠨ︾ ᠤ ᠬᠥᠭᠵᠢᠯᠲᠡ ᠶᠢᠨ ᠬᠠᠯᠠᠭᠤᠨ ᠳᠤᠯᠠᠭᠠᠨ᠂ | ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠶᠢᠨ ᠬᠥᠭᠵᠢᠯᠲᠡ ᠶᠢᠨ ᠠᠭᠤᠯᠬᠤᠨ ᠢ ᠦᠨᠡᠨᠬᠦ ᠮᠡᠳᠡᠷᠡᠭᠦᠯᠵᠦ᠂ | ᠠᠷᠠᠯᠵᠢᠶᠠᠴᠢᠨ ᠨᠢᠭᠡᠪᠦᠷᠢ ᠶᠢ ᠵᠠᠯᠠᠨ ᠠᠶᠢᠯ ᠳᠤ ᠪᠡᠯᠡ ᠣᠷᠣᠭᠤᠯᠬᠤ ᠳᠤ ᠰᠠᠨᠠᠭ᠎ᠠ ᠠᠮᠤᠷ᠂ ᠠᠵᠢᠯ ᠳᠤ ᠲᠠᠭᠠᠯᠠᠮᠵᠢᠲᠠᠢ | ᠂ ᠠᠮᠢᠳᠤᠷᠠᠯ ᠳᠤ ᠪᠠᠶᠠᠷ ᠪᠠᠶᠠᠰᠬᠤᠯᠠᠩ ᠲᠠᠢ ᠪᠣᠯᠭᠠᠨ᠎ᠠ᠃ | | ᠵᠣᠷᠢᠭᠲᠠᠢ ᠪᠠᠷ ᠰᠢᠨ᠎ᠡ ᠶᠢ ᠡᠭᠦᠳᠬᠦ ᠦᠢᠯᠡᠰ ᠪᠤᠰᠬᠠᠬᠤ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠠᠵᠤ | ᠠᠬᠤᠶᠢᠯᠠᠯ ᠪᠣᠯ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠭᠤᠤᠯ ᠴᠣᠭᠴᠠ ᠮᠥᠨ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠠᠰᠢᠭ ᠬᠦᠷᠲᠡᠭᠴᠢ ᠪᠣᠯᠬᠤ ᠪᠠᠷ ᠪᠠᠷᠠᠬᠤ ᠥᠬᠡᠶ ᠪᠠᠰᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢᠨ ᠭᠤᠤᠯ ᠣᠷᠣᠯᠴᠠᠭᠴᠢ ᠪᠠᠶᠢᠬᠤ ᠬᠡᠷᠡᠭᠲᠡᠶ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠳᠤ ᠴᠢ ᠪᠢ ᠭᠡᠵᠦ ᠬᠤᠪᠢᠶᠠᠬᠤ ᠦᠭᠡᠢ᠂ ᠬᠠᠵᠠᠭᠤ ᠠᠴᠠ ᠬᠠᠷᠠᠭᠴᠢ ᠥᠬᠡᠶ᠃ ᠪᠥᠬᠦ | ᠬᠤᠲᠠ ᠶᠢᠨ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ | ᠢᠳᠡᠪᠬᠢᠲᠡᠶ ᠣᠷᠣᠯᠴᠠᠵᠤ᠂ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ | ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠨᠡᠩ ᠴᠤ ᠵᠠᠯᠠᠨ ᠠᠶᠢᠯ ᠤᠨ ᠠᠵᠤ ᠠᠬᠤᠢ ᠶᠢᠨ ᠳᠠᠪᠠᠭᠤᠯᠢᠭ ᠪᠠ | ᠦᠨᠳᠦᠰᠦ ᠰᠠᠭᠤᠷᠢ ᠶᠢ ᠭᠦᠨᠵᠡᠭᠡᠢ ᠲᠠᠨᠢᠵᠤ᠂ ᠢᠮᠠᠭᠲᠠ ᠨᠤᠲᠤᠭ ᠤᠰᠤᠨ ᠳᠠᠭᠠᠨ ᠦᠨᠳᠦᠰᠦᠯᠡᠵᠦ᠂ ᠨᠤᠲᠤᠭ | ᠤᠰᠤᠨ ᠤ ᠪᠠᠨ ᠪᠣᠬᠢᠷᠲᠤᠯ ᠦᠭᠡᠢ ᠬᠥᠭᠵᠢᠯᠲᠡ᠂ ᠬᠡᠯᠪᠡᠷᠢ ᠪᠠᠨ ᠬᠤᠪᠢᠷᠠᠭᠤᠯᠤᠨ ᠬᠥᠭᠵᠢᠨ ᠮᠠᠨᠳᠤᠬᠤ ᠣᠯᠳᠠᠰᠢ | ᠦᠭᠡᠢ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠪᠡᠯᠡ ᠣᠷᠣᠭᠤᠯᠤᠯᠲᠠ᠂ ᠴᠢᠳᠠᠪᠤᠷᠢᠲᠠᠨ ᠤ ᠪᠡᠯᠡ | ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠮᠡᠷᠭᠡᠵᠢᠯ᠂ ᠵᠠᠬ᠎ᠠ ᠳᠡᠯᠭᠡᠭᠦᠷ᠂ ᠦᠢᠯᠡᠳᠬᠦᠨ᠂ ᠲᠦᠷᠦᠯ | ᠲᠡᠮᠳᠡᠭ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠶᠢᠯᠠᠯ ᠢ | ᠲᠠᠰᠤᠷᠠᠯᠲᠠ ᠦᠭᠡᠢ ᠰᠢᠯᠢᠳᠡᠭᠵᠢᠭᠦᠯᠦᠨ ᠪᠤᠵᠠᠭᠠᠶᠢᠷᠠᠭᠤᠯᠵᠤ ᠬᠦᠴᠦᠷᠬᠡᠭᠵᠢᠭᠦᠯᠦᠨ᠂ ᠤᠷᠲᠤ ᠤᠳᠠᠭᠠᠨ ᠪᠠᠶᠢᠯᠭᠠᠬᠤ | ᠬᠡᠷᠡᠭᠲᠡᠢ᠃ | | ᠰᠠᠨᠠᠭᠠᠴᠢᠯᠠᠭ᠎ᠠ ᠬᠡᠴᠢᠨᠡᠨ ᠰᠠᠶᠢᠨ ᠴᠤ ᠂ ᠵᠠᠩᠭᠢᠯᠠᠭ᠎ᠠ ᠨᠢ ᠠᠵᠢᠯᠯᠠᠭ᠎ᠠ ᠳᠤ ᠪᠤᠢ᠃ ᠠᠷᠠᠯᠵᠢᠶᠠᠴᠢᠨ ᠤᠷᠢᠵᠤ | ᠪᠡᠯᠡ ᠮᠥᠩᠭᠦ ᠲᠠᠲᠠᠬᠤ ᠠᠵᠢᠯ ᠳᠤ ᠪᠦᠬᠦ ᠬᠤᠳᠠ ᠶᠢᠨ ᠠᠷᠠᠳ ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠬᠤ ᠬᠡᠷᠡᠭᠲᠡᠢ᠂ ᠰᠠᠶᠢᠨ ᠰᠠᠶᠢᠬᠠᠨ ᠠᠮᠢᠳᠤᠷᠠᠯ ᠤᠨ ᠠᠯᠤᠰ ᠤᠨ ᠲᠥᠰᠦᠪ ᠢ ᠤᠯᠠᠨ ᠢᠶᠠᠷ ᠢᠶᠠᠨ | ᠬᠠᠮᠲᠤ ᠪᠠᠷ ᠴᠢᠷᠮᠠᠶᠢᠪᠠᠯ ᠰᠠᠶ᠋ᠢ ᠪᠣᠳᠠᠲᠤ ᠶᠠᠪᠤᠳᠠᠯ ᠪᠣᠯᠭᠠᠨ ᠬᠤᠪᠢᠷᠠᠭᠤᠯᠵᠤ ᠴᠢᠳᠠᠨ᠎ᠠ᠃ ᠪᠢᠳᠡ ᠭᠠᠷ ᠭᠠᠷ ᠢᠶᠠᠨ | ᠬᠤᠯᠪᠣᠯᠴᠠᠨ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠵᠠᠯᠠᠨ ᠠᠶᠢᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ | ᠥᠪᠡᠷ ᠤᠨ ᠡᠭᠦᠷᠭᠡ ᠪᠠᠨ ᠪᠣᠯᠭᠠᠵᠤ᠂ ᠬᠦᠴᠦᠯᠡᠨ ᠴᠢᠷᠮᠠᠶᠢᠬᠤ ᠣᠪᠣᠷ ᠪᠠᠶᠢᠳᠠᠯ ᠢᠶᠠᠷ ᠴᠢᠷᠮᠠᠶᠢᠨ ᠠᠵᠢᠯᠯᠠᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠯᠵᠢᠶᠠᠴᠢᠨ ᠣᠷᠢᠵᠣ᠂ ᠰᠠᠶᠢᠨ ᠠᠷᠠᠯᠵᠢᠶᠠᠴᠢᠨ ᠣᠷᠢᠵᠣ᠂ | ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠵᠠᠯᠠᠨ ᠠᠶᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠶ᠎ᠡ︕ | | ᠬᠡᠷᠪᠡ ᠲᠠᠨ ᠳᠤ ᠲᠠᠨᠢᠯᠴᠠᠭᠤᠯᠬᠤ ᠴᠢᠬᠤᠯᠠ ᠲᠠᠢ ᠲᠦᠷᠦᠯ ᠵᠦᠢᠯ ᠪᠠᠶᠢᠪᠠᠯ᠂ ᠴᠠᠭ ᠲᠤᠬᠠᠶ ᠳᠤᠨᠢ | ᠬᠤᠲᠠ ᠶᠢᠨ ᠲᠦᠷᠦᠯ ᠵᠦᠢᠯ ᠣᠷᠣᠭᠤᠯᠬᠤ ᠲᠥᠪ ᠲᠠᠢ ᠬᠠᠷᠢᠯᠴᠠᠭᠠᠷᠠᠶ᠃ | | ᠬᠠᠷᠢᠯᠴᠠᠬᠤ ᠤᠲᠠᠰᠤ᠄ 0470 — 3201908 | | ᠢᠮᠧᠯ᠄zltzhaoshangju@163.com | | ᠵᠠᠯᠠᠨ ᠠᠶᠢᠯ ᠬᠤᠲᠠ ᠶᠢᠨ ᠲᠦᠷᠦᠯ ᠵᠦᠢᠯ ᠣᠷᠣᠭᠤᠯᠬᠤ ᠲᠥᠪ | 2022 ᠣᠨ ᠤ 3 ᠰᠠᠷ᠎ᠠ | | | | |